ᠦᠪᠦᠷ ᠮᠤᠩᠭᠤᠯ ᠲᠦᠯᠦᠪᠦᠷᠢ ᠬᠡᠯᠲᠦᠷᠢᠬᠦᠯᠵᠦ ᠬᠦᠮᠦᠵᠢᠬᠦᠯᠦᠭᠰᠡᠨ ᠠᠨᠠᠭᠠᠬᠤ ᠤᠬᠠᠭᠠᠨ ᠲᠡᠭᠦᠰᠦᠭᠰᠡᠨ ᠰᠤᠷᠤᠭᠴᠢᠳ ᠤᠨ ᠠᠵᠢᠯ ᠤᠯᠭᠤᠯᠲᠠ ᠪᠠ ᠭᠡᠷ᠎ᠡ ᠪᠡᠶᠡᠯᠡᠬᠦᠯᠲᠡ ᠶᠢᠨ ᠬᠠᠮᠢᠶᠠᠷᠤᠯᠲᠠ ᠶᠢᠨ ᠠᠵᠢᠯ ᠢ  ᠴᠢᠩᠭᠠᠳᠬᠠᠪᠠ
ᠨᠡᠶᠢᠲᠡᠯᠡᠭᠰᠡᠨ ᠴᠠᠭ᠄
2020/10/13
    ᠦᠪᠦᠷ ᠮᠤᠩᠭᠤᠯ ᠤᠨ  ᠦᠪᠡᠷᠲᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠪᠠ ᠡᠷᠡᠬᠦᠯ ᠮᠠᠨᠳᠤ ᠶᠢᠨ  ᠵᠦᠪᠯᠡᠯ᠂ ᠨᠠᠮ ᠤᠨ  ᠬᠤᠷᠢᠶ᠎ᠠ ᠶᠢᠨ ᠤᠷᠤᠨ ᠲᠤᠭ᠎ᠠ ᠶᠢᠨ ᠠᠯᠪᠠᠨ ᠭᠡᠷ᠂ ᠰᠤᠷᠭᠠᠨ ᠬᠦᠮᠦᠵᠢᠯ ᠤᠨ ᠲᠢᠩᠭᠢᠮ᠂ ᠠᠵᠢᠯᠲᠠᠨ ᠤ ᠶᠠᠪᠤᠲᠠᠯ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠳᠤᠷᠠᠵᠤ᠂ ᠤᠯᠤᠰ ᠤᠨ ᠡᠷᠡᠬᠦᠯ ᠬᠠᠮᠠᠭᠠᠯᠠᠯ ᠪᠠ ᠡᠷᠡᠬᠦᠯ ᠮᠠᠨᠳᠤ ᠶᠢᠨ ᠵᠦᠪᠯᠡᠯ᠂ ᠨᠠᠮ ᠤᠨ ᠲᠦᠪ ᠬᠤᠷᠢᠶ᠎ᠠ ᠶᠢᠨ ᠤᠷᠤᠨ ᠲᠤᠭ᠎ᠠ ᠶᠢᠨ ᠠᠯᠪᠠᠨ ᠭᠡᠷ  ᠵᠡᠷᠭᠡ 7  ᠶᠠᠮᠤᠨ ᠵᠦᠪᠯᠡᠯ ᠤᠨ ᠲᠠᠷᠤᠮᠠᠯᠯᠠᠨ ᠲᠠᠷᠬᠠᠭᠠᠬᠰᠠᠨ ︽ᠬᠦᠲᠡᠭᠡ ᠲᠤᠰᠬᠤᠨ ᠤ ᠵᠠᠬᠢᠶᠠᠯᠠᠭ᠎ᠠ ᠪᠠᠷ ᠴᠢᠭᠯᠡᠯ ᠲᠤᠭᠲᠠᠭᠠᠵᠤ ᠲᠦᠯᠦᠪᠦᠷᠢ ᠬᠡᠯᠲᠦᠷᠢᠬᠦᠯᠵᠦ ᠬᠦᠮᠦᠵᠢᠬᠦᠯᠦᠭᠰᠡᠨ ᠠᠨᠠᠭᠠᠬᠤ ᠤᠬᠠᠭᠠᠨ ᠲᠡᠭᠦᠰᠦᠭᠰᠡᠨ ᠰᠤᠷᠤᠭᠴᠢᠳ ᠤᠨ  ᠠᠵᠢᠯ ᠤᠯᠭᠤᠯᠲᠠ ᠪᠠ ᠭᠡᠷ᠎ᠡ ᠪᠡᠶᠡᠯᠡᠬᠦᠯᠲᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠲᠡᠭᠲᠡᠯ︾ ᠢ ᠰᠢᠯᠵᠢᠬᠦᠯᠦᠨ ᠲᠠᠷᠬᠠᠭᠠᠵᠤ᠂ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ ᠢ ᠲᠤᠤᠱᠯᠠᠭᠤᠯᠤᠯᠲᠠ ᠨᠠᠶᠢᠲᠠᠪᠤᠷᠢᠵᠢᠭᠤᠯᠤᠯᠲᠠ  ᠶᠢ ᠰᠠᠶᠢᠳᠤᠷ ᠠᠳᠬᠤᠵᠤ᠂ ᠲᠦᠯᠦᠪᠦᠷᠢ ᠬᠡᠯᠲᠦᠷᠢᠬᠦᠯᠵᠦ ᠬᠦᠮᠦᠵᠢᠬᠦᠯᠦᠭᠰᠡᠨ ᠠᠨᠠᠭᠠᠬᠤ ᠤᠬᠠᠭᠠᠨ ᠲᠡᠭᠦᠰᠦᠭᠰᠡᠨ ᠰᠤᠷᠤᠭᠴᠢᠳ ᠤᠨ ᠠᠵᠢᠯ ᠤᠯᠭᠤᠯᠲᠠ ᠪᠠ ᠭᠡᠷ᠎ᠡ ᠪᠡᠶᠡᠯᠡᠬᠦᠯᠲᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠰᠠᠶᠢᠨ ᠬᠢᠲᠦᠭᠡᠢ ᠭᠡᠵᠦ ᠱᠠᠭᠠᠷᠲᠠᠪᠠ᠃     ᠮᠡᠲᠡᠭᠲᠡᠯ ᠳᠤ ᠲᠤᠲᠤᠷᠬᠠᠢ ᠵᠢᠭᠠᠬᠤ ᠳᠠᠭᠠᠨ᠄ ᠴᠢᠭᠯᠡᠯ ᠲᠤᠭᠲᠠᠭᠠᠵᠤ ᠬᠦᠮᠦᠵᠢᠬᠦᠯᠦᠭᠰᠡᠨ ᠠᠨᠠᠭᠠᠬᠤ ᠤᠬᠠᠭᠠᠨ  ᠲᠡᠭᠦᠰᠦᠭᠰᠡᠨ ᠰᠤᠷᠤᠭᠴᠢᠳ ᠤᠨ ᠠᠵᠢᠯ ᠤᠯᠭᠤᠯᠲᠠ ᠪᠠ ᠬᠤᠯᠪᠤᠬᠲᠠᠯ ᠪᠦᠬᠦᠢ ᠬᠦᠷᠲᠡᠭᠡᠮᠵᠢ ᠶᠢ ᠲᠤᠭᠲᠠᠭᠠᠯ ᠶᠤᠰᠤᠭᠠᠷ ᠨᠠᠶᠢᠲᠠᠪᠤᠷᠢᠵᠢᠭᠤᠯᠤᠭ᠎ᠠ ᠦᠭᠡᠢ ᠬᠤᠰᠢᠭᠤ ᠰᠢᠶᠠᠨ ᠲᠤᠭᠤᠷᠢᠭ ᠢ ᠲᠡᠭᠡᠲᠦ ᠱᠠᠳᠤᠨ ᠤ   ᠬᠢᠨᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠵᠠᠷᠯᠢᠬᠲᠠᠨ ᠬᠤᠭᠤᠴᠠᠭ᠎ᠠ ᠲᠣᠭᠲᠠᠭᠠᠨ ᠴᠡᠭᠴᠡᠯᠡᠨ  ᠦᠭᠡᠷᠡᠴᠢᠯᠡᠬᠦᠯᠵᠦ᠂ ᠦᠢᠯᠡ ᠪᠠᠶᠢᠲᠠᠯ ᠨᠢ ᠬᠦᠨᠲᠦ ᠨᠤᠴᠢᠲᠠᠢ ᠶᠢ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠪᠠ ᠡᠷᠡᠬᠦᠯ ᠮᠠᠨᠳᠤ ᠶᠢᠨ ᠵᠦᠪᠯᠡᠯ᠂ ᠠᠵᠢᠯᠲᠠᠨ ᠤ ᠶᠠᠪᠤᠲᠠᠯ ᠨᠡᠶᠢᠭᠡᠮ   ᠤᠨ  ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠦᠴᠢᠷ ᠠᠴᠠ ᠨᠡᠶᠢᠲᠡ ᠳᠤ ᠵᠠᠷᠯᠠᠨ᠂ ᠠᠯᠪᠠᠨ ᠶᠠᠪᠤᠲᠠᠯ ᠤᠨ  ᠢᠲᠡᠭᠡᠮᠵᠢ ᠬᠢᠭᠡᠳ ᠨᠡᠶᠢᠭᠡᠮ ᠤᠨ ᠢᠲᠡᠭᠡᠮᠵᠢ ᠠᠯᠲᠠᠬᠰᠠᠨ ᠬᠠᠮᠢᠶᠠᠷᠤᠯᠲᠠ ᠳᠤ ᠤᠷᠤᠭᠤᠯᠪᠠᠯ ᠵᠤᠬᠢᠨ᠎ᠠ᠃ ᠢᠲᠡᠭᠡᠯ ᠠᠯᠲᠠᠬᠰᠠᠨ ᠬᠤᠰᠢᠭᠤ ᠰᠢᠶᠠᠨ ᠳᠤ 6 ᠵᠢᠯ ᠤᠨ ᠲᠤᠲᠤᠷ᠎ᠠ ᠡᠯ᠎ᠡ ᠲᠦᠷᠦᠯ ᠤᠨ ᠡᠷᠡᠬᠦᠯ ᠬᠠᠮᠠᠭᠠᠯᠠᠯ ᠪᠠ ᠡᠷᠡᠬᠦᠯ ᠮᠠᠨᠳᠤ ᠶᠢᠨ  ᠴᠢᠲᠠᠪᠤᠷᠢᠲᠠᠨ ᠤ ᠲᠡᠮᠵᠢᠯᠭᠡ ᠶᠢᠨ ᠲᠦᠷᠦᠯ ᠵᠦᠢᠯ ᠢ ᠲᠠᠬᠢᠵᠤ ᠲᠤᠬᠢᠷᠠᠭᠤᠯᠬᠤ ᠦᠭᠡᠢ ᠪᠦᠭᠡᠳ ᠬᠤᠯᠪᠤᠬᠲᠠᠯ ᠪᠦᠬᠦᠢ ᠰᠠᠯᠠᠭ᠎ᠠ ᠮᠦᠴᠢᠷ   ᠤᠨ ᠬᠢᠨ ᠬᠠᠮᠢᠶ᠎ᠠ ᠪᠦᠬᠦᠢ ᠬᠦᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃     ᠡᠯ᠎ᠡ ᠬᠤᠰᠢᠭᠤ ᠰᠢᠶᠠᠨ ᠤ ᠱᠠᠳᠤᠨ ᠤ ᠡᠷᠡᠬᠦᠯ ᠬᠠᠮᠠᠭᠠᠯᠠᠯ ᠪᠠ ᠡᠷᠡᠬᠦᠯ ᠮᠠᠨᠳᠤ ᠶᠢᠨ ᠵᠠᠰᠠᠭ ᠵᠠᠬᠢᠷᠭᠠᠨ ᠤ  ᠰᠠᠯᠠᠭ᠎ᠠ ᠮᠦᠴᠢᠷ ᠤᠨ ᠬᠢᠨ ᠬᠤᠭᠤᠰᠤᠨ ᠤᠷᠤᠨ ᠲᠤᠭ᠎ᠠ ᠪᠠ ᠪᠤᠲᠠᠳᠤ ᠬᠡᠷᠡᠭᠴᠡᠭᠡ ᠪᠠᠨ ᠦᠨᠲᠦᠰᠦᠯᠡᠨ᠂  ᠬᠤᠰᠢᠭᠤ ᠰᠢᠶᠠᠨ ᠤ ᠪᠠᠨ ᠬᠦᠭᠵᠢᠯᠲᠡ ᠦᠭᠡᠷᠡᠴᠢᠯᠡᠯᠲᠡ ᠶᠢᠨ ᠵᠦᠪᠯᠡᠯ᠂ ᠨᠠᠮ ᠤᠨ ᠬᠤᠷᠢᠶ᠎ᠠ ᠶᠢᠨ ᠤᠷᠤᠨ ᠲᠤᠭ᠎ᠠ  ᠶᠢᠨ ᠠᠯᠪᠠᠨ ᠭᠡᠷ᠂ ᠠᠵᠢᠯᠲᠠᠨ ᠤ ᠶᠠᠪᠤᠲᠠᠯ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠯᠦᠭᠡ ᠵᠦᠪᠯᠡᠵᠦ ᠪᠠᠶᠢᠭᠠᠳ ᠲᠤᠤᠷ᠎ᠠ ᠵᠢᠯ ᠤᠨ ᠢᠶᠠᠨ ᠬᠦᠮᠦᠵᠢᠬᠦᠯᠬᠦ ᠬᠡᠷᠡᠭᠴᠡᠭᠡ ᠶᠢᠨ ᠲᠦᠯᠦᠪᠯᠡᠭᠡ ᠪᠠᠨ ᠤᠷᠢᠳᠴᠢᠯᠠᠨ  ᠨᠤᠲᠠᠯᠠᠵᠤ᠂ ᠱᠠᠳᠤ ᠲᠠᠷᠠᠭᠠᠯᠠᠨ ᠦᠪᠡᠷᠲᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠪᠠ ᠡᠷᠡᠬᠦᠯ ᠮᠠᠨᠳᠤ ᠶᠢᠨ  ᠵᠦᠪᠯᠡᠯ   ᠳᠤ ᠮᠡᠲᠡᠭᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ᠤᠯᠤᠰ ᠠᠴᠠ ᠪᠠᠭᠤᠯᠭᠠᠬᠰᠠᠨ ᠬᠦᠮᠦᠵᠢᠬᠦᠯᠬᠦ ᠲᠦᠯᠦᠪᠯᠡᠭᠡ ᠶᠤᠰᠤᠭᠠᠷ ᠬᠠᠷᠭᠠᠯᠵᠠᠬᠰᠠᠨ ᠤᠷᠤᠨ ᠲᠤᠭ᠎ᠠ ᠪᠠ ᠠᠵᠢᠯ ᠤᠨ ᠪᠠᠶᠢᠷᠢ ᠶᠢ ᠤᠷᠢᠳᠴᠢᠯᠠᠨ ᠦᠯᠡᠲᠡᠭᠡᠬᠦ ᠬᠡᠷᠡᠭᠲᠡᠢ᠃ ᠡᠯ᠎ᠡ ᠬᠤᠰᠢᠭᠤ ᠰᠢᠶᠠᠨ ᠨᠢ ᠵᠢᠯ ᠪᠦᠷᠢ ᠲᠤᠰ ᠱᠠᠳᠤᠨ ᠤ ᠤᠷᠤᠨ ᠲᠤᠭ᠎ᠠ ᠶᠢᠨ ᠵᠦᠪᠯᠡᠯ ᠢᠶᠠᠷ ᠰᠤᠳᠤᠯᠵᠤ᠂ ᠴᠢᠭᠯᠡᠯ ᠲᠤᠭᠲᠠᠭᠠᠵᠤ ᠬᠦᠮᠦᠵᠢᠬᠦᠯᠦᠭᠰᠡᠨ ᠠᠨᠠᠭᠠᠬᠤ ᠤᠬᠠᠭᠠᠨ ᠲᠡᠭᠦᠰᠦᠭᠰᠡᠨ ᠰᠤᠷᠤᠭᠴᠢᠳ ᠤᠨ ᠲᠤᠰ ᠤᠨ ᠤ ᠤᠷᠤᠨ ᠲᠤᠭ᠎ᠠ ᠬᠡᠷᠡᠭᠯᠡᠬᠦ ᠲᠦᠯᠦᠪᠯᠡᠭᠡ ᠪᠠᠨ ᠤᠷᠢᠳᠴᠢᠯᠠᠨ ᠲᠤᠭᠲᠠᠭᠠᠵᠤ᠂ ᠲᠡᠬᠦᠰᠦᠭᠰᠡᠨ ᠰᠤᠷᠤᠭᠴᠢ ᠢᠷᠡᠵᠦ ᠨᠡᠷ᠎ᠡ ᠪᠠᠨ ᠪᠦᠷᠢᠳᠭᠡᠬᠦᠯᠦᠭᠰᠡᠨ ᠠᠴᠠ ᠲᠠᠷᠠᠭᠠᠬᠢ 30 ᠠᠵᠢᠯ ᠤᠨ ᠡᠲᠦᠷ ᠲᠤ ᠲᠤᠰ ᠬᠤᠰᠢᠭᠤᠨ ᠤ ᠪᠠᠨ ᠴᠢᠭᠯᠡᠯ ᠲᠤᠭᠲᠠᠭᠠᠵᠤ ᠬᠦᠮᠦᠵᠢᠬᠦᠯᠦᠭᠰᠡᠨ ᠠᠨᠠᠭᠠᠬᠤ ᠤᠬᠠᠭᠠᠨ ᠲᠡᠭᠦᠰᠦᠭᠰᠡᠨ ᠰᠤᠷᠤᠭᠴᠢᠳ   ᠤᠨ ᠠᠵᠢᠯ ᠤᠨ ᠪᠠᠶᠢᠷᠢ  ᠳᠠᠭᠠᠨ ᠤᠷᠤᠬᠤ ᠤᠷᠤᠨ ᠲᠤᠭ᠎ᠠ ᠲᠤᠭᠲᠠᠬᠤ ᠪᠠ ᠠᠵᠢᠯᠯᠠᠬᠤ ᠬᠠᠮᠢᠶ᠎ᠠ ᠪᠦᠬᠦᠢ ᠭᠠᠷᠲᠠᠮ   ᠢ  ᠬᠦᠢᠴᠡᠳᠬᠡᠵᠤ ᠦᠭᠬᠦ ᠬᠡᠷᠡᠭᠲᠡᠢ ᠭᠡᠵᠡᠢ᠃  ︵ ᠦᠪᠦᠷ ᠮᠤᠩᠭᠤᠯ ᠤᠨ ᠡᠲᠦᠷ ᠤᠨ ᠰᠤᠨᠢᠨ   ᠤ  ᠰᠤᠷᠪᠤᠯᠵᠢᠯᠠᠬᠴᠢ   ᠵᠠᠩ ᠸᠧᠨ ᠴᠢᠶᠠᠩ︶http://mongol.people.com.cn/15826316.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号