10 ᠰᠠᠷ᠎ᠠ ᠶᠢᠨ 10 ᠤ ᠡᠳᠦᠷ᠂ ᠬᠥᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠪᠠ | ᠬᠤᠲᠠ ᠶᠢᠨ ᠵᠠᠮ ᠲᠡᠭᠡᠭᠡᠪᠦᠷᠢ ᠶᠢᠨ ᠲᠤᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠵᠠᠮ ᠲᠡᠭᠡᠭᠡᠪᠦᠷᠢ ᠶᠢᠨ | ᠬᠠᠮᠢᠶᠠᠷᠤᠯᠲᠠ ᠶᠢᠨ ᠲᠣᠪᠴᠢᠶ᠎ᠠ᠂ ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠲᠥᠷᠥᠯ ᠤᠨ ᠨᠡᠶᠢᠭᠡᠮᠯᠢᠭ᠂ ᠥᠪᠥᠷ | ᠮᠣᠩᠭᠤᠯ ᠤᠨ ᠰᠢᠨ ᠶᠦᠨ ᠮᠠᠰᠢᠨᠲᠤ ᠲᠡᠷᠭᠡ ᠪᠠᠶᠢᠴᠠᠭᠠᠨ ᠰᠢᠨᠵᠢᠬᠦ ᠥᠷᠲᠡᠭᠡ᠂ ᠬᠥᠬᠡᠬᠤᠲᠠ ᠶᠢᠨ ᠵᠣᠣ ᠵᠢᠶ ᠮᠠᠰᠢᠨ | ᠲᠡᠷᠭᠡ ᠰᠡᠯᠪᠢᠨ ᠵᠠᠰᠠᠬᠤ ᠦᠢᠯᠡᠳᠪᠤᠷᠢ ᠶᠢᠨ ᠳᠠᠭᠠᠭᠠᠴᠢᠯᠠᠨ ᠡᠷᠭᠢᠯᠡᠭᠰᠡᠨ ︽ᠬᠥᠬᠡᠬᠤᠲᠠ ᠶᠢᠨ ᠮᠠᠰᠢᠨ ᠲᠡᠷᠭᠡ ᠶᠢᠨ | ᠬᠡᠢ ᠭᠠᠳᠠᠭᠰᠢᠯᠠᠭᠤᠯᠬᠤ ᠶᠢ ᠰᠢᠯᠭᠠᠨ ᠪᠠᠶᠢᠴᠠᠭᠠᠬᠤ ᠪᠠ ᠵᠠᠰᠠᠬᠤ ᠠᠬᠤᠢ ᠲᠠᠯᠠᠪᠠᠶ ᠶᠢᠨ ᠬᠤᠷᠠᠯ︾ ᠬᠦᠬᠡᠬᠤᠲᠡ ᠳᠤ | ᠶᠠᠪᠤᠭᠳᠠᠪᠠ᠃ ᠠᠬᠤᠢ ᠲᠠᠯᠠᠪᠠᠢ ᠶᠢᠨ ᠬᠤᠷᠠᠯ ᠳᠡᠭᠡᠷ᠎ᠡ 150 ᠭᠠᠷᠤᠢ ᠬᠠᠮᠢᠶ᠎ᠠ ᠪᠦᠬᠦᠢ ᠬᠥᠮᠦᠰ ᠮᠠᠰᠢᠨ ᠲᠡᠷᠭᠡᠨ ᠤ | ᠬᠡᠢ ᠶᠢ ᠵᠠᠰᠠᠬᠤ I/M ᠪᠢᠲᠡᠭᠦᠦ ᠴᠠᠭᠠᠷᠢᠭ ᠵᠢᠴᠢ M ᠦᠷᠳᠡᠭᠡ ︵ᠮᠠᠰᠢᠨ ᠲᠡᠷᠭᠡᠨ ᠤ ᠬᠡᠢ | ᠭᠠᠳᠠᠭᠰᠢᠯᠠᠭᠤᠯᠤᠯᠲᠠ ᠶᠢ ᠵᠠᠰᠠᠬᠤ ᠦᠷᠳᠡᠭᠡ︶ ᠶᠢᠨ ᠵᠠᠰᠠᠯᠲᠠ ᠶᠢᠨ ᠠᠵᠢᠯᠯᠠᠭ᠎ᠠ ᠶᠢᠨ ᠶᠠᠪᠤᠴᠠ ᠶᠢ ᠲᠤᠬᠠᠢ ᠶᠢᠨ | ᠲᠠᠯᠠᠪᠠᠢ ᠳᠤ ᠲᠣᠭᠤᠷᠢᠨ ᠦᠵᠡᠪᠡ᠃ | ᠣᠶᠢᠯᠠᠭᠠᠭᠰᠠᠨ ᠢᠶᠠᠷ᠂ ᠡᠨᠡ ᠵᠢᠯ ᠤᠨ 6 ᠰᠠᠷ᠎ᠠ ᠶᠢᠨ 19 ᠤ ᠡᠳᠦᠷ᠂ ᠠᠮᠢ ᠠᠬᠤᠶ ᠣᠷᠴᠢᠨ ᠲᠣᠭᠤᠷᠢᠨ ᠤ | ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠬᠠᠮᠲᠤᠷᠠᠨ ︽ᠮᠠᠰᠢᠨ ᠲᠡᠷᠭᠡᠨ ᠤ ᠬᠡᠢ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠪᠠ | ᠬᠠᠮᠠᠭᠠᠯᠠᠬᠤ ᠲᠦᠷᠢᠮ ᠢ ᠪᠠᠶᠢᠭᠤᠯᠤᠨ ᠬᠡᠷᠡᠭᠵᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠮᠠᠰᠢᠨ | ᠲᠡᠷᠭᠡᠨ ᠤ ᠬᠡᠢ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠪᠠ ᠬᠠᠮᠠᠭᠠᠯᠠᠬᠤ ᠲᠦᠷᠢᠮ ᠢ ᠪᠥᠬᠦ ᠲᠠᠯ᠎ᠠ ᠪᠠᠷ | ᠪᠠᠶᠢᠭᠤᠯᠤᠨ ᠬᠡᠷᠡᠭᠵᠢᠭᠦᠯᠬᠦ ᠲᠤᠬᠠᠶ ᠪᠠᠶᠢᠷᠢᠯᠠᠭᠤᠯᠪᠠ᠃ ᠬᠤᠲᠠ ᠶᠢᠨ ᠵᠠᠮ ᠲᠡᠭᠡᠭᠡᠪᠦᠷᠢ ᠵᠢᠴᠢ ᠠᠮᠢ ᠠᠬᠤᠢ ᠶᠢᠨ | ᠣᠷᠴᠢᠨ ᠲᠣᠭᠤᠷᠢᠨ ᠤ ᠰᠠᠯᠠᠭ᠎ᠠ ᠮᠥᠴᠢᠷ ᠢᠳᠡᠪᠬᠢᠲᠡᠢ ᠵᠣᠬᠢᠴᠠᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠶᠢ ᠪᠠᠶᠢᠭᠤᠯᠵᠤ᠂ ᠮᠠᠰᠢᠨ ᠲᠡᠷᠭᠡᠨ ᠤ ᠬᠡᠢ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ | ᠪᠠ ᠬᠠᠮᠠᠭᠠᠯᠠᠬᠤ ᠪᠢᠲᠡᠭᠦᠤ ᠴᠠᠭᠠᠷᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠡᠭᠦᠯᠳᠡᠷᠵᠢᠭᠦᠯᠪᠡ᠃ ᠬᠠᠮᠲᠤᠷᠠᠨ | ᠠᠵᠢᠯᠯᠠᠬᠤ ᠵᠢᠴᠢ ︽ᠮᠠᠰᠢᠨᠲᠤ ᠲᠡᠷᠭᠡᠨ ᠤ ᠬᠡᠢ ᠭᠠᠳᠠᠭᠰᠢᠯᠠᠭᠤᠯᠤᠯᠲᠠ ᠶᠢ ᠪᠠᠶᠢᠴᠠᠭᠠᠨ ᠬᠡᠮᠵᠢᠬᠦ ᠪᠠ | ᠠᠯᠪᠠᠳᠠᠯᠭ᠎ᠠ ᠪᠠᠷ ᠬᠠᠮᠠᠭᠠᠯᠠᠬᠤ ᠳᠦᠷᠢᠮ ᠤᠨ ᠬᠡᠷᠡᠭᠵᠢᠭᠦᠯᠬᠦ ᠲᠥᠰᠦᠯ︾᠂ ︽ᠮᠠᠰᠢᠨ ᠲᠡᠷᠭᠡᠨ ᠤ ᠬᠡᠢ | ᠭᠠᠳᠠᠭᠰᠢᠯᠠᠭᠤᠯᠬᠤ ᠴᠢᠳᠠᠪᠬᠢ ᠶᠢ ᠬᠠᠮᠠᠭᠠᠯᠠᠬᠤ ᠰᠡᠯᠪᠢᠨ ᠵᠠᠰᠠᠬᠤ ᠥᠷᠲᠡᠭᠡᠨ ᠤ ᠦᠢᠯᠡᠴᠢᠯᠡᠭᠡᠨ ᠤ ᠶᠠᠪᠤᠴᠠ ᠶᠢ | ᠵᠢᠷᠤᠮᠵᠢᠭᠤᠯᠬᠤ ᠲᠤᠬᠠᠶ ᠮᠡᠳᠡᠭᠳᠡᠯ︾ ᠵᠡᠷᠭᠡ ᠠᠯᠢ ᠣᠯᠠᠨ ᠪᠣᠳᠠᠲᠠᠶ ᠬᠡᠷᠡᠭᠵᠢᠭᠦᠯᠬᠦ ᠪᠢᠴᠢᠭ ᠮᠠᠲ᠋ᠧᠷᠢᠶᠠᠯ ᠢ | ᠳᠠᠷᠤᠮᠠᠯᠯᠠᠨ ᠲᠠᠷᠬᠠᠭᠠᠵᠤ᠂ ᠬᠤᠷᠠᠯ ᠬᠤᠷᠠᠯᠳᠤᠭᠤᠯᠵᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠦ᠂ | ᠲᠡᠭᠡᠭᠡᠪᠦᠷᠢ ᠶᠢᠨ ᠠᠵᠤ ᠠᠬᠤᠶᠢᠯᠠᠯ ᠢ ᠪᠣᠯᠵᠣᠨ ᠶᠠᠷᠢᠯᠴᠠᠵᠤ ᠲᠡᠷᠭᠡ ᠬᠥᠰᠬᠡ ᠶᠢᠨ ᠬᠡᠢ ᠭᠠᠳᠠᠭᠰᠢᠯᠠᠭᠤᠯᠤᠯᠲᠠ ᠶᠢ | ᠵᠠᠰᠠᠬᠤ ᠠᠵᠢᠯ ᠢ ᠱᠠᠯᠠᠪᠳᠠᠨ ᠥᠷᠨᠢᠭᠦᠯᠪᠡ᠃ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ᠂ | ᠳᠣᠲᠣᠭᠠᠳᠤ ᠶᠢ ᠬᠠᠮᠠᠭᠠᠯᠠᠬᠤ ᠵᠠᠮ ᠨᠡᠪᠲᠡᠷᠡᠯᠭᠡ ᠶᠢᠨ ᠬᠠᠮᠢᠶᠠᠷᠤᠯᠲᠠ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠨ | ᠮᠠᠰᠢᠨ ᠲᠡᠷᠭᠡᠨ ᠤ ᠬᠡᠢ ᠭᠠᠳᠠᠭᠰᠢᠯᠠᠭᠤᠯᠤᠯᠲᠠ ᠶᠢ 47 ᠤᠳᠠᠭᠠᠨ ᠤ ᠪᠠᠶᠢᠴᠠᠭᠠᠯᠲᠠ ᠬᠢᠵᠡᠶ᠃ ᠣᠳᠣᠬᠠᠨ ᠳᠤ | ᠬᠦᠬᠡᠬᠤᠲᠡ ᠨᠢᠭᠡᠨᠲᠡ ᠲᠠᠪᠤᠨ ᠪᠦᠯᠦᠭ ᠤᠨ 51ᠮᠠᠰᠢᠨ ᠲᠡᠷᠭᠡ ᠰᠡᠯᠪᠢᠨ ᠵᠠᠰᠠᠬᠤ ᠠᠵᠤ ᠠᠬᠤᠶᠢᠯᠠᠯ ᠨᠢ M | ᠥᠷᠲᠡᠭᠡ ᠳᠤ ᠢᠳᠡᠪᠬᠢᠲᠡᠢ ᠮᠡᠳᠡᠭᠦᠯᠬᠦ ᠶᠢᠨ ᠬᠠᠮᠲᠤ᠂ ᠨᠡᠶᠢᠭᠡᠮ ᠨᠡᠶᠢᠲᠡ ᠳᠤ ᠵᠠᠷᠯᠠᠪᠠ᠃ ᠨᠡᠶᠢᠲᠡ 112 ᠵᠠᠰᠠᠵᠤ | ᠬᠢᠮᠲᠠᠭᠠᠬᠤ ᠠᠵᠢᠯ ᠤᠨ ᠪᠠᠶᠢᠷᠢ ᠭᠠᠷᠭᠠᠵᠤ᠂ ᠵᠢᠵᠢᠭ ᠬᠡᠯᠪᠡᠷᠢ ᠶᠢᠨ ᠮᠠᠰᠢᠨ ᠲᠡᠷᠭᠡ᠂ ᠲᠣᠮᠣ ᠳᠤᠮᠳᠠ ᠬᠡᠯᠪᠡᠷᠢ ᠶᠢᠨ | ᠪᠠᠷᠠᠭᠠᠨ ᠤ ᠲᠡᠷᠭᠡ᠂ ᠲᠣᠮᠣ ᠳᠤᠮᠳᠠ ᠬᠡᠯᠪᠡᠷᠢ ᠶᠢᠨ ᠠᠶᠠᠨᠴᠢᠳ ᠤᠨ ᠲᠡᠷᠭᠡ ᠵᠡᠷᠭᠡ ᠡᠯ᠎ᠡ ᠵᠥᠢᠯ ᠤᠨ ᠲᠡᠷᠭᠡᠨ ᠤ | ᠬᠡᠯᠪᠡᠷᠢ ᠶᠢ ᠬᠠᠮᠤᠷᠴᠤ᠂ ᠡᠳᠦᠷ ᠤᠨ ᠲᠡᠷᠭᠡᠨ ᠤ ᠬᠡᠢ ᠭᠠᠳᠠᠭᠰᠢᠯᠠᠭᠤᠯᠤᠯᠲᠠ ᠶᠢ ᠵᠠᠰᠠᠬᠤ ᠴᠢᠳᠠᠪᠤᠷᠢ ᠨᠢ ᠨᠢᠭᠡᠨᠲᠡ | 500 ᠭᠠᠷᠤᠶ ᠲᠡᠷᠭᠡ ᠤᠳᠠᠭ᠎ᠠ ᠪᠣᠯᠤᠭᠰᠠᠨ ᠪᠠᠶᠢᠨ᠎ᠠ︔ ᠮᠠᠰᠢᠨ ᠲᠡᠷᠭᠡ ᠶᠢᠨ ᠬᠡᠢ ᠭᠠᠳᠠᠭᠰᠢᠯᠠᠭᠤᠯᠤᠯᠲᠠ ᠶᠢ | ᠰᠢᠯᠭᠠᠨ ᠪᠠᠶᠢᠴᠠᠭᠠᠬᠤ ᠰᠤᠷᠠᠭ ᠵᠠᠩᠭᠢ ᠶᠢᠨ ᠰᠢᠰᠲ᠋ᠧᠮ ᠪᠣᠯᠤᠨ ᠮᠠᠰᠢᠨ ᠲᠡᠷᠭᠡ ᠶᠢ ᠰᠡᠯᠪᠢᠨ ᠵᠠᠰᠠᠬᠤ ᠡᠯᠧᠺᠲᠷᠣᠨ | ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠰᠢᠰᠲ᠋ᠧᠮ ᠤᠨ ᠲᠤᠭ᠎ᠠ ᠪᠠᠷᠢᠮᠲᠠ ᠶᠢ ᠵᠣᠯᠭᠠᠭᠤᠯᠬᠤ ᠠᠵᠢᠯ ᠢ ᠨᠢᠭᠡᠨᠲᠡ | ᠤᠯᠤᠰ ᠤᠨᠵᠢᠷᠤᠮᠵᠢᠯ ᠳᠤ ᠬᠦᠷᠭᠡᠵᠦ᠂ ᠵᠠᠰᠠᠬᠤ ᠠᠵᠢᠯ ᠤᠨ ᠶᠠᠪᠤᠴᠠ ᠶᠢᠨ ᠬᠠᠭᠠᠯᠲᠠᠴᠠᠭᠠᠷᠢᠭ ᠪᠠ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢᠨ ᠬᠠᠭᠠᠯᠲᠠ ᠴᠠᠭᠠᠷᠢᠭ ᠤᠨ ᠰᠠᠭᠤᠷᠢ ᠶᠢ ᠪᠦᠷᠢᠳᠦᠭᠦᠯᠵᠦ᠂ ᠪᠦᠬᠦ ᠣᠷᠣᠨ ᠳᠤ | ᠮᠠᠰᠢᠨ ᠲᠡᠷᠭᠡᠨ ᠤ ᠬᠡᠢ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ ᠪᠠ ᠬᠠᠮᠠᠭᠠᠯᠠᠬᠤ ᠬᠠᠭᠠᠯᠲᠠ ᠴᠠᠭᠠᠷᠢᠭ | ᠤᠨ ᠬᠠᠮᠢᠶᠠᠷᠤᠯᠲᠠ ᠶᠢ ᠲᠦᠷᠦᠭᠦᠯᠦᠨ ᠪᠡᠶᠡᠯᠡᠭᠦᠯᠪᠡ᠃ ︵ᠰᠤᠷᠪᠤᠯᠵᠢᠯᠠᠭᠴᠢ ᠶᠦᠨ ᠶᠠᠨ ᠹᠠᠩ︶ | http://mongol.people.com.cn/15826323.html | |