ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠥᠪᠥᠷ ᠮᠣᠩᠭᠤᠯ ᠡᠷᠳᠡᠨᠢ ᠰᠢᠰᠢ᠂ | ᠰᠠᠭᠠᠯᠢ ᠶᠢᠨ ᠦᠨᠢᠶ᠎ᠡ᠂ ᠢᠳᠡᠰᠢᠨ ᠦᠬᠡᠷ᠂ ᠢᠳᠡᠰᠢᠨ ᠬᠤᠨᠢ ᠵᠡᠷᠭᠡ ᠳᠠᠪᠠᠭᠤᠯᠢᠭ ᠤᠨᠴᠠᠯᠢᠬᠳᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ 16 ᠠᠵᠤ ᠣᠶᠢᠯᠡᠰ ᠤᠨ ᠪᠦᠰᠡ ᠶᠢᠨ ᠲᠣᠭᠤᠷᠢᠨ ᠳᠤ᠂ | ᠡᠷᠳᠡᠨᠢ ᠰᠢᠰᠢ᠂ ᠰᠠᠭᠠᠯᠢ ᠶᠢᠨ ᠠᠵᠦ ᠣᠶᠢᠯᠡᠰ ᠵᠡᠷᠭᠡ 11 ᠲᠠᠷᠢᠶᠠᠯᠠᠩ ᠮᠠᠯ ᠠᠵᠤ ᠠᠬᠤᠶ ᠶᠢᠨ ᠠᠵᠤ | ᠣᠶᠢᠯᠡᠰ ᠤᠨ ᠰᠦᠷᠦᠭᠵᠢᠯ ᠢ ᠭᠤᠤᠯᠳᠠᠯᠭ᠎ᠠ ᠲᠠᠢ ᠪᠣᠶ ᠪᠣᠯᠭᠠᠪᠠ᠃ ᠰᠢᠯᠢ ᠶᠢᠨ ᠭᠤᠣᠯ ᠤᠨ ᠪᠢᠰᠢᠯᠠᠭ ᠵᠡᠷᠭᠡ ᠣᠷᠣᠨ | ᠪᠦᠰᠡ ᠶᠢᠨ ᠴᠢᠨᠠᠷᠲᠠᠢ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢ ᠪᠤᠶᠢᠵᠢᠭᠤᠯᠤᠨ ᠪᠤᠵᠠᠭᠠᠶᠢᠷᠠᠭᠤᠯᠵᠤ᠂ | ᠨᠠᠩ ᠣᠯᠠᠨ ︽ᠮᠣᠩᠭᠤᠯ︾ ᠲᠡᠮᠳᠡᠭᠲᠦ ᠰᠢᠯᠢᠳᠡᠭ ᠣᠶᠢᠯᠡᠳᠬᠦᠨ ᠪᠥᠬᠦ ᠤᠯᠤᠰ᠂ ᠳᠡᠯᠡᠬᠡᠶ ᠳᠠᠰᠢ ᠬᠥᠭᠵᠢᠬᠦ ᠶᠢ | ᠭᠤᠣᠯᠳᠠᠯᠭ᠎ᠠ ᠲᠠᠢ ᠠᠬᠢᠭᠤᠯᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ | ᠵᠠᠬ᠎ᠠ ᠲᠡᠯᠬᠡᠬᠦᠷ ᠬᠢᠭᠡᠳ ᠮᠡᠳᠡᠭᠡ ᠵᠠᠩᠭᠢᠵᠢᠯᠲᠠ ᠶᠢᠨ ᠭᠠᠵᠠᠷ ᠤᠨ ᠳᠠᠷᠤᠭ᠎ᠠ ᠾᠧᠦ ᠶᠠᠨ ᠪᠢᠩ ᠤᠨ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠡᠯᠪᠡᠭ | ᠳᠡᠯᠪᠡᠭ᠂ ᠳᠠᠪᠠᠭᠤᠯᠢᠭ ᠤᠨᠴᠠᠯᠢᠭᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠮᠵᠢᠶ᠎ᠡ ᠶᠡᠭᠡ᠂ | ᠴᠢᠨᠠᠷ ᠰᠢᠯᠢᠳᠡᠭ᠂ ᠪᠤᠵᠠᠷᠳᠤᠯ ᠦᠭᠡᠢ᠂ ᠣᠷᠭᠠᠨᠢᠭ ᠪᠠ ᠤᠯᠤᠰ ᠤᠨ ᠭᠠᠵᠠᠷ ᠵᠦᠢ ᠶᠢᠨ ᠢᠮ ᠲᠡᠮᠳᠡᠭᠲᠦ | ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ 1686 ᠪᠣᠯᠪᠠ᠃ | ᠾᠧᠦ ᠶᠠᠨ ᠪᠢᠩ᠄ ᠥᠪᠥᠷ ᠮᠣᠩᠭᠤᠯ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠳᠠᠪᠠᠭᠤᠯᠢᠭ ᠣᠷᠣᠨ᠂ ᠳᠠᠪᠠᠭᠤᠯᠢᠭ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠠᠵᠤ ᠣᠶᠢᠯᠡᠰ ᠤᠨ ᠪᠦᠰᠡ᠂ ᠠᠵᠤ ᠣᠶᠢᠯᠡᠰ ᠤᠨ ᠲᠥᠪᠯᠡᠷᠡᠯ ᠤᠨ ᠪᠥᠲᠥᠭᠡᠨ ᠪᠠᠶᠢᠭᠤᠯᠤᠯᠲᠠ | ᠬᠢᠭᠡᠳ ᠣᠷᠣᠨ ᠪᠦᠰᠡ ᠶᠢᠨ ᠴᠢᠨᠠᠷᠲᠠᠢ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ | ᠵᠤᠬᠢᠴᠠᠯᠳᠤᠨ ᠬᠥᠭᠵᠢᠬᠦ ᠶᠢ ᠢᠳᠡᠪᠬᠢᠲᠡᠶ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠣᠶᠢᠯᠡᠳᠣᠯ ᠲᠣᠪᠤᠶᠢᠮ᠎ᠠ | ᠪᠣᠯᠪᠠ᠃ ᠣᠳᠣ ᠪᠣᠯᠲᠠᠯ᠎ᠠ᠂ ᠥᠪᠥᠷ ᠮᠣᠩᠭᠤᠯ ᠳᠤ ᠨᠢᠭᠡᠨᠲᠡ ᠰᠢᠯᠢ ᠶᠢᠨ ᠭᠤᠤᠯ ᠤᠨ ᠲᠠᠯ᠎ᠠ ᠨᠤᠲᠤᠭ ᠤᠨ | ᠢᠳᠡᠰᠢᠨᠬᠤᠨᠢ᠂ ᠬᠤᠷᠴᠢᠨ ᠦᠬᠡᠷ᠂ ᠣᠯᠠᠭᠠᠨᠴᠠᠪ ᠤᠨ ᠲᠥᠮᠥᠰᠥ᠂ ᠪᠣᠷᠣᠲᠣᠬᠤᠶ ᠶᠢᠨ ᠨᠡᠷᠡᠨ ᠬᠤᠸᠠᠷ ᠵᠡᠷᠭᠡ 9 | ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ ︽ᠳᠤᠮᠳᠠᠳᠤ ᠤᠯᠤᠰ ᠤᠨ ᠣᠨᠴᠠᠯᠢᠭ | ᠪᠥᠬᠦᠶ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ︾ ᠢᠶᠠᠷ ᠮᠠᠭᠠᠳᠯᠠᠨ ᠲᠣᠭᠲᠠᠭᠠᠵᠤ᠂ | ᠬᠥᠬᠡᠬᠤᠲᠠ ᠶᠢᠨ ᠬᠤᠷᠢᠨᠭᠡᠷ ᠰᠢᠶᠠᠨ ᠤ ᠰᠠᠭᠠᠯᠢ ᠶᠢᠨ ᠦᠨᠢᠶ᠎ᠡ᠂ ᠠᠯᠠᠱᠠ ᠠᠶᠢᠮᠠᠭ ᠤᠨ ᠠᠯᠠᠱᠠ ᠵᠡᠭᠦᠨ | ᠬᠤᠰᠢᠭᠤᠨ ᠤ ᠠᠯᠠᠱᠠᠨ ᠬᠤᠤᠰ ᠪᠥᠬᠦᠲᠦ ᠲᠡᠮᠡᠭᠡ᠂ ᠲᠦᠩᠯᠢᠶᠣᠤ ᠬᠤᠲᠠ ᠶᠢᠨ ᠺᠠᠶᠢᠯᠦ ᠰᠢᠶᠠᠨ ᠤ ᠺᠠᠶᠢᠯᠦ ᠶᠢᠨ | ᠬᠠᠭᠤᠷᠠᠶ ᠶᠡᠷᠮ᠎ᠡ ᠵᠡᠷᠭᠡ 10 ᠵᠥᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠨᠴᠠᠯᠢᠬᠳᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠠᠪᠠᠭᠤᠯᠢᠭ ᠣᠷᠣᠨ ᠢᠶᠠᠷ ᠮᠠᠭᠠᠳᠯᠠᠨ ᠲᠣᠭᠲᠠᠭᠠᠪᠠ | ᠭᠡᠪᠡ ᠃ | ᠥᠪᠥᠷ ᠮᠣᠩᠭᠤᠯ ᠲᠠᠷᠢᠵᠤ ᠣᠷᠭᠤᠭᠤᠯᠬᠤ᠂ ᠲᠡᠵᠢᠭᠡᠨ ᠦᠷᠡᠵᠢᠭᠦᠯᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠪᠠ ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ | ᠪᠤᠵᠠᠷᠳᠤᠯ ᠢ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠣᠷᠣᠨ ᠪᠦᠰᠡ ᠶᠢᠨ ᠴᠢᠨᠠᠷᠲᠠᠢ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ᠂ ᠠᠵᠤ | ᠠᠬᠤᠶᠢᠯᠠᠯ ᠤᠨ ᠲᠥᠷᠥᠯ ᠲᠡᠮᠳᠡᠭ᠂ ᠣᠶᠢᠯᠡᠳᠬᠦᠨ ᠤ ᠲᠥᠷᠥᠯ ᠲᠡᠮᠳᠡᠭ ᠢ ᠪᠤᠢ ᠪᠣᠯᠭᠠᠪᠠ᠃ ᠡᠭᠦᠨ ᠠᠴᠠ ᠭᠠᠳᠠᠨ᠎ᠠ | ᠂ ᠥᠪᠥᠷ ᠮᠣᠩᠭᠤᠯ ᠪᠠᠰᠠ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠦᠵᠡᠭᠦᠯᠦᠯᠭᠡ ᠶᠢᠨ ᠴᠤᠭᠯᠠᠭᠠᠨ | ᠂ ᠣᠶᠢᠯᠡᠳᠪᠣᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ ᠵᠡᠷᠭᠡ ᠳᠤ ᠲᠦᠰᠢᠭᠯᠡᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ | ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ︵ | ᠰᠤᠷᠪᠤᠯᠵᠢᠯᠠᠭᠴᠢ ᠯᠢ ᠶᠦᠨ ᠫᠢᠩ︶ | http://mongol.people.com.cn/15826333.html |