︽ᠴᠡᠯᠡᠭᠡᠷ ᠲᠠᠯ᠎ᠠ ᠠᠮᠲᠠᠲᠤ ᠢᠳᠡᠭᠡᠨ ᠤ ᠪᠤᠳᠠᠰ ᠤᠨ ᠪᠤᠰᠤ ᠢᠳᠡᠭᠡᠨ ᠰᠣᠶᠣᠯ ᠤᠨ ᠦᠪ ᠤᠨ ᠭᠠᠷᠠᠭ︾  ᠮᠤᠨᠢ ᠠᠭᠤᠯᠠᠨ ᠤ ᠪᠣᠳᠠᠰ ᠤᠨ ᠪᠤᠰᠤ ᠰᠤᠶᠤᠯ ᠥᠪ ᠤᠨ ᠵᠢᠵᠢᠭ ᠪᠠᠯᠭᠠᠰᠤᠨ ᠳᠤ ᠥᠨᠳᠥᠷᠯᠡᠪᠡ
ᠨᠡᠶᠢᠲᠡᠯᠡᠭᠰᠡᠨ ᠴᠠᠭ᠄
2020/10/13
   10 ᠰᠠᠷ᠎ᠠ ᠶᠢᠨ 11 ᠤ ᠡᠳᠦᠷ᠂ 5 ᠡᠳᠦᠷ ᠶᠠᠪᠤᠭᠳᠠᠭᠰᠠᠨ ︽ᠴᠡᠯᠡᠭᠡᠷ ᠲᠠᠯ᠎ᠠ ᠠᠮᠲᠠᠲᠤ ᠢᠳᠡᠭᠡᠨ ᠤ ᠪᠤᠳᠠᠰ ᠤᠨ ᠪᠤᠰᠤ ᠢᠳᠡᠭᠡᠨ ᠰᠣᠶᠣᠯ ᠤᠨ ᠭᠠᠷᠠᠭ ︾ ᠬᠥᠬᠡᠬᠤᠲᠠ ᠶᠢᠨ  ᠬᠤᠳᠤᠩᠴᠤᠳ ᠤᠨ ᠲᠣᠭᠤᠷᠢᠭ ᠤᠨ ᠮᠤᠨᠢ ᠠᠭᠤᠯᠠᠨ ᠤ ᠪᠣᠳᠠᠰ ᠤᠨ ᠪᠤᠰᠤ ᠢᠡᠳᠡᠭᠡᠨ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠲᠤᠰ ᠤᠳᠠᠭᠠᠨ ᠤ ᠠᠵᠢᠯᠯᠠᠭ᠎ᠠ ᠨᠢ ᠡᠯ᠎ᠡ ᠵᠦᠢᠯ ᠤᠨ ᠰᠦᠯᠵᠢᠶᠡᠨ ᠤ ᠲᠠᠪᠴᠠᠩ ᠢᠶᠠᠷ ᠳᠠᠮᠵᠢᠨ ᠲᠠᠷᠬᠠᠭᠳᠠᠵᠦ᠂ ᠰᠦᠯᠵᠢᠶᠡᠨ ᠳᠡᠭᠡᠷ᠎ᠡ 210 ᠭᠠᠷᠤᠶ ᠲᠦᠮᠡᠨ ᠬᠥᠮᠦᠨ ᠤᠳᠠᠭ᠎ᠠ ᠬᠦᠯᠢᠶᠡᠨ ᠠᠪᠴᠤ ᠦᠵᠡᠭᠡᠳ᠂ ᠰᠦᠯᠵᠢᠶᠡᠨ ᠳᠠᠭᠡᠷᠡᠬᠢ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ 6 ᠲᠦᠮᠨ ᠭᠠᠷᠤᠢ ᠬᠥᠮᠦᠨ ᠤᠳᠠᠭ᠎ᠠ ᠳᠤ ᠬᠦᠷᠴᠡᠶ᠃ ᠬᠤᠣᠰ ᠪᠠᠶᠠᠷ ᠤᠨ ᠠᠮᠠᠷᠠᠯᠲᠠ ᠳᠤ ᠬᠤᠲᠠ ᠶᠢᠨ ᠠᠷᠠᠳ ᠤᠨ ᠵᠤᠭᠠᠴᠠᠭᠰᠠᠳ ᠪᠦᠷ  ᠮᠤᠨᠢ ᠶᠢᠨ ᠠᠭᠤᠯᠠ ᠶᠢᠨ ᠪᠣᠳᠠᠰ ᠤᠨ ᠪᠤᠰᠤ ᠢᠳᠡᠭᠡᠨ ᠰᠤᠶᠤᠯ ᠤᠨ ᠥᠪ ᠤᠨ ᠵᠢᠵᠢᠭ ᠪᠠᠯᠭᠠᠰᠤ ᠶᠢ ᠲᠤᠪᠴᠢᠲᠠᠵᠦ᠂ ᠠᠮᠲᠠᠲᠤ ᠢᠳᠡᠭᠡᠨ ᠢᠳᠡᠵᠦ᠂ ︽ᠪᠣᠳᠠᠰ ᠤᠨ ᠪᠤᠰᠤ ᠢᠳᠡᠭᠡᠨ ᠰᠤᠶᠤᠯ︾ ᠢ ᠰᠣᠨᠢᠷᠬᠠᠵᠤ᠂ ᠦᠵᠡᠮᠵᠢ ᠦᠵᠡᠵᠦ᠂ ᠣᠨᠴᠠ ᠭᠠᠷᠤᠯᠲᠠ ᠶᠢ ᠬᠤᠳᠠᠯᠳᠤᠨ ᠠᠪᠴᠠᠶ᠃ ︽ᠤᠯᠤᠰ ᠤᠨ ᠪᠠᠶᠠᠷ ᠲᠤ ᠡᠳᠦᠷ ᠪᠦᠷᠢ ᠪᠠᠶᠠᠷ ᠬᠥᠷ ᠲᠠᠢ︾  ᠪᠠᠶᠢᠯ᠎ᠠ᠃    ︽ᠴᠡᠯᠡᠭᠡᠷ ᠲᠠᠯ᠎ᠠ ᠠᠮᠲᠠᠳᠤ ᠢᠳᠡᠭᠡᠨ ᠤ  ᠪᠤᠳᠠᠰ ᠤᠨ ᠪᠤᠰᠤ  ᠢᠳᠡᠭᠡᠨ ᠰᠣᠶᠣᠯ ᠤᠨ ᠭᠠᠷᠠᠭ︾ ᠪᠣᠯ ᠬᠤᠷᠢᠨ ᠨᠢᠭᠡᠳᠦᠭᠡᠷ ᠬᠤᠭᠤᠴᠠᠭᠠᠨ ᠤ ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ ᠤᠨ ᠰᠢᠷᠢᠰ ᠠᠵᠢᠯᠯᠠᠭ᠎ᠠ ᠶᠢᠨ ᠨᠢᠭᠡ ᠪᠣᠯᠤᠨ᠎ᠠ᠃ ᠡᠨᠡ ᠬᠤᠭᠤᠴᠠᠭᠠᠨ ᠳᠤ ︽ᠴᠡᠯᠡᠭᠡᠷ ᠲᠠᠯ᠎ᠠ ᠠᠮᠲᠠᠳᠤ ᠢᠳᠡᠭᠡᠨ︾ ᠢᠳᠡᠭᠡᠨ ᠤ ᠨᠡᠷᠡᠰ ᠤᠨ ᠵᠢᠭᠰᠠᠭᠠᠯᠲᠠ ᠶᠢ ᠳᠡᠯᠭᠡᠷᠡᠭᠦᠯᠬᠦ ᠪᠠ ︽ᠠᠷᠠᠳ ᠲᠤ ᠠᠰᠢᠭ ᠬᠦᠷᠲᠡᠭᠡᠵᠦ ᠴᠡᠯᠡᠭᠡᠷ ᠲᠠᠯ᠎ᠠ ᠶᠢᠨ ᠦᠨᠦᠷ ᠠᠮᠲᠠ ᠶᠢ ᠠᠮᠲᠠᠯᠠᠬᠤ︾ ᠭᠤᠤᠯ ᠰᠡᠳᠦᠪᠲᠦ ᠡᠳᠦᠷ ᠵᠡᠷᠭᠡ ᠠᠵᠢᠯᠯᠠᠭ᠎ᠠ ᠶᠢ ᠵᠠᠯᠭᠠᠪᠠᠷ ᠥᠷᠨᠢᠭᠦᠯᠵᠡᠶ᠃ ᠪᠤᠳᠠᠰ ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ  ᠠᠬᠤᠢ ᠲᠠᠯᠠᠪᠠᠢ ᠳᠤ1000 ᠭᠠᠷᠤᠶ ᠵᠥᠢᠯ ᠤᠨ ᠠᠮᠲᠠᠲᠤ ᠢᠳᠡᠭᠡᠨ ᠢ ᠦᠢᠯᠡᠳᠤᠨ ᠳᠡᠯᠭᠡᠨ ᠦᠵᠡᠭᠦᠯᠵᠡᠶ᠃ ᠣᠷᠣᠨ ᠤ ᠳᠣᠲᠣᠷ᠎ᠠ ᠭᠠᠳᠠᠨᠠᠬᠢ ᠲᠤᠭᠤᠭᠠᠴᠢ ᠶᠡᠭᠡ ᠪᠠᠭᠰᠢ᠂ ᠭᠤᠯᠢᠷ ᠬᠤᠭᠤᠯᠠᠨ ᠤ ᠶᠡᠭᠡ ᠪᠠᠭᠰᠢ᠂ ᠨᠡᠷᠡᠲᠦ ᠤᠳᠤᠷᠢᠳᠤᠭᠠᠴᠢ᠂ ᠵᠣᠬᠢᠶᠠᠯᠴᠢ᠂ ᠠᠷᠠᠳ ᠤᠨ ᠵᠠᠩ ᠦᠢᠯᠡᠴᠢ᠂ ᠰᠣᠶᠣᠯ ᠵᠤᠭᠠᠴᠠᠯ ᠤᠨ ᠲᠤᠰᠬᠠᠶ  ᠮᠡᠷᠭᠡᠵᠢᠯᠲᠡᠨ᠂ ᠨᠡᠷ᠎ᠡ ᠲᠥᠷᠥ ᠲᠠᠢ ᠵᠠᠭᠤᠴᠢᠯᠠᠭᠤᠷᠴᠢ᠂ ᠰᠦᠯᠵᠢᠶᠡᠨ ᠤ ᠨᠡᠷᠡᠳᠤ ᠤᠷᠠᠯᠢᠭᠴᠢᠨ᠂ ᠨᠡᠷᠡᠲᠦ ᠳᠠᠭᠤᠴᠢᠨ᠂ ᠬᠥᠲᠥᠯᠥᠭᠴᠢ ᠲᠤᠬᠠᠶ ᠶᠢᠨ ᠲᠠᠯᠠᠪᠤᠷ ᠲᠤ ᠢᠷᠡᠵᠦ ᠬᠦᠷ ᠨᠡᠮᠡᠨ᠂ ᠪᠦᠬᠦ ᠶᠠᠪᠤᠴᠠ ᠳᠤ ᠴᠡᠯᠡᠭᠡᠷ ᠲᠠᠯ᠎ᠠ ᠠᠮᠲᠠᠲᠤ ᠢᠳᠡᠭᠡᠨ ᠢ ᠤᠬᠠᠭᠤᠯᠪᠠ᠃    ᠬᠠᠮᠤᠭ ᠡᠴᠦᠰ ᠲᠤ ᠥᠪᠥᠷ ᠮᠣᠩᠭᠤᠯ ᠤᠨ ᠢᠳᠡᠭᠡᠨ ᠤᠮᠳᠠᠭᠠᠨ ᠠᠮᠲᠠᠲᠤ ᠢᠳᠡᠭᠡᠨ ᠤ ᠨᠡᠶᠢᠭᠡᠮᠯᠢᠭ᠂ ᠥᠪᠥᠷ ᠮᠣᠩᠭᠤᠯ ᠤᠨ ᠵᠤᠭᠠᠴᠠᠯ  ᠢᠳᠡᠭᠡᠨ ᠤᠮᠳᠠᠭᠠᠨ ᠤ ᠨᠡᠶᠢᠭᠡᠮᠯᠢᠭ᠂ ᠥᠪᠥᠷ ᠮᠣᠩᠭᠤᠯ ᠤᠨ ᠮᠣᠩᠭᠤᠯ ᠦᠨᠳᠦᠰᠦᠲᠡᠨ ᠤ ᠢᠳᠡᠭᠡᠨ ᠤᠮᠳᠠᠭᠠᠨ ᠤ ᠰᠣᠶᠣᠯ ᠤᠨ ᠨᠡᠶᠢᠭᠡᠮᠯᠢᠭ᠂ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠬᠢᠭᠤᠯᠬᠤ  ᠡᠪᠯᠡᠯ᠂ ᠬᠥᠬᠡᠬᠤᠲᠠ ᠶᠢᠨ ᠴᠡᠯᠡᠭᠡᠷ ᠮᠥᠷᠡᠨ ᠤ ᠰᠣᠶᠣᠯ  ᠵᠤᠭᠠᠴᠠᠯ ᠤᠨ ᠪᠦᠲᠦᠭᠡᠯᠴᠢ ᠰᠡᠳᠬᠢᠮᠵᠢ ᠶᠢᠨ ᠲᠥᠪ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠠᠵᠢᠯ ᠲᠥᠷᠥᠯ ᠤᠨ ᠬᠢᠨ ᠤ ᠰᠠᠨᠠᠯ᠂ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ ᠂ ᠲᠦᠮᠡ ᠭᠠᠷᠤᠶ  ᠵᠤᠭᠠᠴᠠᠭᠴᠢ  ᠶᠢᠨ ᠦᠨᠡᠯᠡᠯᠲᠡ ᠪᠠᠷ ᠳᠠᠮᠵᠢᠨ᠂ ︽ᠴᠡᠯᠡᠭᠡᠷ ᠲᠠᠯ᠎ᠠ ᠠᠮᠲᠠᠳᠤ ᠢᠳᠡᠭᠡᠨ ᠤ ᠨᠡᠷᠡᠲᠦ  ᠲᠡᠮᠳᠡᠭ ᠢ ᠲᠠᠨᠢᠯᠴᠠᠭᠤᠯᠬᠤ ᠲᠤᠰᠢᠶᠠᠯᠲᠠᠨ︾᠂ ᠲᠤᠰᠬᠠᠶ ᠮᠡᠷᠭᠡᠵᠢᠯᠲᠡᠨ ᠠᠴᠠ ᠲᠠᠨᠢᠯᠴᠠᠭᠤᠯᠬᠤ ᠶᠢᠨ ᠬᠠᠮᠲᠤ᠂ ᠲᠡᠦᠬᠡᠨ ᠰᠤᠳᠤᠷ ᠪᠢᠴᠢᠭ ᠤᠨ ᠮᠠᠲ᠋ᠧᠷᠢᠶᠠᠯ ᠲᠠᠢ ᠬᠠᠷᠭᠤᠭᠤᠯᠤᠨ ᠪᠠᠶᠢᠵᠦ᠂ 45 ᠵᠦᠶ᠋ᠯ ᠤᠨ ︽ᠴᠡᠯᠡᠭᠡᠷ ᠲᠠᠯ᠎ᠠ︾ ᠶᠢᠨ ᠨᠠᠷᠠᠲᠤ ᠨᠣᠭᠤᠭ᠎ᠠ᠂ ᠨᠠᠷᠠᠲᠤ ᠭᠤᠯᠢᠷ ᠢᠳᠡᠭᠡᠨ᠂ ᠨᠠᠷᠠᠲᠤ ᠵᠢᠵᠢᠭ ᠢᠳᠡᠭᠡᠨ   ᠢ  ᠰᠤᠩᠭᠤᠨ ᠭᠠᠷᠭᠠᠵᠤ᠂ ︽ᠴᠡᠯᠡᠭᠡᠷ ᠲᠠᠯ᠎ᠠ︾ ᠶᠢᠨ ᠠᠮᠲᠠᠲᠤ ᠢᠳᠡᠭᠡᠨ ᠢ ᠳᠡᠯᠭᠡᠷᠡᠭᠦᠯᠬᠦ ᠨᠡᠷᠡᠰ ᠲᠤ  ᠵᠢᠭᠰᠠᠭᠠᠪᠠ᠃ ᠪᠤᠭᠤᠳᠠᠢ᠂ ᠬᠤᠨᠢᠨ ᠮᠢᠬ᠎ᠠ᠂ ᠴᠣᠨᠤᠭ᠂ ᠦᠴᠤᠸᠠᠨ ᠤ ᠶᠤᠤᠮᠠᠢ ᠶᠢᠨ ᠭᠤᠯᠢᠷ᠂ ᠾᠧ ᠯᠢᠨ ᠤ ᠴᠢᠨᠠᠭᠰᠠᠨ ᠬᠤᠨᠢᠨ ᠮᠢᠬ᠎ᠠ᠂ ᠲᠤᠭᠲᠠᠬᠤ ᠰᠢᠶᠠᠨ ᠤ ᠴᠢᠨᠠᠭᠰᠠᠨ ᠵᠢᠭᠠᠰᠤ᠂ ᠰᠢᠷᠠᠭᠰᠠᠨ ᠵᠣᠷ᠂ ᠲᠣᠰᠣᠨ ᠳᠤ ᠬᠠᠭᠠᠷᠢᠭᠰᠠᠨ ᠪᠣᠣᠪᠤ᠂ ᠵᠢᠩᠨᠡᠭᠰᠡᠨ ᠦᠬᠡᠷ ᠤᠨ ᠮᠢᠬ᠎ᠠ᠂ ᠪᠤᠴᠠᠯᠭᠠᠭᠰᠠᠨ ᠰᠢᠨᠠᠭ᠎ᠠ ᠶᠢᠨ ᠭᠤᠯᠢᠷ ᠢ ︽ᠥᠪᠥᠷ ᠮᠣᠩᠭᠤᠯ ᠤᠨ ᠠᠮᠳᠠᠳᠤ ᠢᠳᠡᠭᠡᠨ︾ ︽ᠬᠥᠬᠡᠬᠤᠲᠠ ᠶᠢᠨ ︿ᠠᠷᠪᠠᠨ ᠠᠮᠲᠠ﹀ ᠠᠮᠲᠠᠲᠤ ᠢᠳᠡᠭᠡᠨ︾ ᠭᠡᠵᠦ  ᠰᠤᠩᠭᠤᠨ ᠭᠠᠷᠭᠠᠵᠠᠢ  ᠃ ︵ᠰᠤᠷᠪᠤᠯᠵᠢᠯᠠᠭᠴᠢ ᠬᠤᠸᠠᠩ ᠹᠦ᠋ ᠰᠢᠤ ᠯᠢᠩ︶http://mongol.people.com.cn/15826326.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ