ᠰᠢᠨ᠎ᠡ ᠬᠤᠲᠠ ᠲᠣᠭᠤᠷᠢᠭ ᠤᠨ ᠪᠤᠷᠤᠬᠤᠰᠢᠭᠤ ᠪᠠᠯᠭᠠᠰᠤ ᠪᠠᠯᠭᠠᠰᠤᠨ ᠳᠤ ᠰᠠᠭᠤᠭ᠎ᠠ ᠲᠠᠷᠢᠶᠠᠯᠠᠩ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020/10/14
       ᠪᠤᠷᠤᠬᠤᠰᠢᠭᠤ ᠪᠠᠯᠭᠠᠰᠤᠨ ᠤ ᠪᠠᠯᠭᠠᠰᠤᠨ ᠳᠤ ᠰᠠᠭᠤᠭ᠎ᠠ ᠲᠠᠷᠢᠶᠠᠯᠠᠩ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠣᠶᠢᠯᠠᠭᠠᠵᠤ᠂ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠠᠵᠤ ᠠᠬᠤᠶᠢᠯᠠᠯ ᠤᠨ ᠲᠤᠬᠠᠶ ᠱᠠᠭᠠᠷᠳᠠᠯᠭ᠎ᠠ ᠵᠢᠴᠢ ᠲᠦᠷᠦ ᠶᠢᠨ ᠪᠤᠳᠤᠯᠭ᠎ᠠ ᠶᠢ  ᠣᠯᠠᠮᠵᠢᠯᠠᠬᠤ ᠶᠢᠨ ᠲᠦᠯᠦᠭᠡ᠂ 2020 ᠣᠨ ᠤ 10 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨᠠᠬᠢ 3᠄ 00 ᠴᠠᠭ ᠲᠤ᠂ ᠪᠤᠷᠤᠬᠤᠰᠢᠭᠤ ᠪᠠᠯᠭᠠᠰᠤ ᠲᠤᠰ ᠪᠠᠯᠭᠠᠰᠤᠨ ᠤ 11 ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠢ ᠴᠤᠭᠯᠠᠭᠤᠯᠤᠨ ᠳᠡᠭᠡᠳᠦ ᠱᠠᠲᠤᠨ ᠤ ᠬᠠᠮᠢᠶ᠎ᠠ  ᠪᠦᠬᠦᠢ ᠰᠠᠯᠠᠭ᠎ᠠ ᠮᠥᠴᠢᠷ ᠤᠨ ᠪᠠᠭᠤᠯᠭᠠᠭᠰᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠲᠠᠢ ᠤᠶᠠᠯᠳᠤᠭᠤᠯᠵᠤ ᠪᠤᠷᠤᠬᠤᠰᠢᠭᠤ ᠪᠠᠯᠭᠠᠰᠤᠨ ᠤ ᠪᠠᠯᠭᠠᠰᠤᠨ ᠳᠤ ᠰᠠᠭᠤᠭ᠎ᠠ ᠲᠠᠷᠢᠶᠠᠯᠠᠩ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠭᠦᠨ ᠢᠶᠠᠷ ᠮᠠᠨ ᠤ ᠪᠠᠯᠭᠠᠰᠤᠨ ᠤ ᠲᠠᠷᠢᠶᠠᠯᠠᠩ ᠤᠨ ᠠᠵᠤ ᠠᠬᠤᠶᠢᠯᠠᠯ ᠤᠨ ᠣᠳᠣᠬᠠᠨ ᠤ ᠣᠷᠣᠰᠢᠵᠤ ᠪᠠᠶᠢᠭ᠎ᠠ ᠬᠦᠴᠢᠷᠳᠡᠯ ᠢ ᠣᠶᠢᠯᠠᠭᠠᠬᠤ ᠶᠢᠨ ᠬᠠᠮᠲᠤ ᠰᠢᠨ᠎ᠡ ᠬᠤᠲᠠ ᠲᠣᠭᠤᠷᠢᠭ ᠤᠨ ᠲᠥᠬᠦᠭᠡᠷᠦᠮᠵᠢᠲᠦ ᠲᠠᠷᠢᠶᠠᠯᠠᠩ ᠤᠨ ᠦᠨᠳᠦᠷ ᠪᠦᠲᠦᠮᠵᠢᠲᠡᠶ ᠬᠥᠭᠵᠢᠯᠲᠡ ᠶᠢ  ᠠᠬᠢᠭᠤᠯᠵᠤ᠂ ᠬᠤᠭᠤᠰᠣᠨ ᠬᠦᠯᠡᠮᠵᠢ ᠶᠢᠨ ᠦᠢᠯᠡᠳᠪᠦᠷᠢᠯᠡᠯ ᠢ ᠰᠡᠷᠭᠦᠭᠡᠬᠦ ᠶᠢ ᠰᠢᠢᠳᠪᠦᠷᠢᠯᠡᠬᠦ ᠬᠡᠷᠡᠭᠵᠢᠭᠦᠯᠬᠦ ᠲᠥᠰᠦᠯ ᠢ ᠡᠯ᠎ᠡ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠳᠤ ᠤᠯᠠᠮᠵᠢᠯᠠᠪᠠ᠃
     ᠶᠠᠷᠢᠯᠴᠠᠬᠤ ᠬᠤᠷᠠᠯ ᠢ ᠲᠤᠬᠠᠶ ᠶᠢᠨ ᠲᠠᠯᠠᠪᠠᠢ ᠳᠤ ᠶᠠᠷᠢᠯᠴᠠᠬᠤ ᠬᠡᠯᠪᠡᠷᠢ ᠪᠠᠷ ᠬᠤᠷᠠᠯᠳᠤᠭᠤᠯᠵᠤ᠂ ᠬᠤᠷᠠᠯ ᠤᠨ ᠭᠠᠵᠠᠷ ᠨᠢ ᠪᠤᠷᠤᠬᠤᠰᠢᠭᠤ ᠪᠠᠯᠭᠠᠰᠤᠨ ᠤ ᠵᠠᠰᠠᠭ ᠤᠨ ᠣᠷᠳᠣᠨ ᠤ ᠬᠤᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠪᠠᠶᠢᠷᠢᠯᠠᠵᠤ᠂ ᠪᠤᠷᠤᠬᠤᠰᠢᠭᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠵᠢᠶᠦ᠋ᠨ ᠴᠢᠩ ᠡᠷᠬᠢᠯᠡᠵᠦ ᠂ ᠪᠤᠷᠤᠬᠤᠰᠢᠭᠤ ᠪᠠᠯᠭᠠᠰᠤᠨ ᠤ ᠳᠠᠷᠤᠭ᠎ᠠ ᠡᠤ ᠬᠠᠶ ᠯᠦᠩ᠂ ᠪᠤᠷᠤᠬᠤᠰᠢᠭᠤ ᠪᠠᠯᠭᠠᠰᠤᠨ ᠤ ᠳᠡᠳ᠋ ᠳᠠᠷᠤᠭ᠎ᠠ ᠯᠢ ᠬᠤᠩ ᠢᠦᠢ᠂ ᠪᠤᠷᠤᠬᠤᠰᠢᠭᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠬᠢᠭᠡᠳ ᠮᠡᠷᠭᠡᠵᠢᠯ  ᠳᠡᠯᠭᠡᠷᠡᠭᠦᠯᠬᠦ ᠲᠥᠪ ᠤᠨ ᠡᠷᠬᠢᠯᠡᠭᠴᠢ ᠱᠢ ᠫᠢᠩ ᠵᠢᠴᠢ ᠪᠤᠷᠤᠬᠤᠰᠢᠭᠤ ᠪᠠᠯᠭᠠᠰᠤᠨ ᠤ ᠪᠠᠯᠭᠠᠰᠤᠨ ᠳᠤ ᠰᠠᠭᠤᠭ᠎ᠠ  ᠲᠠᠷᠢᠶᠠᠯᠠᠩ ᠤᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠤᠨ ᠪᠦᠬᠦ ᠬᠠᠷᠢᠭᠤᠴᠠᠯᠭᠠᠲᠠᠨ ᠬᠠᠮᠲᠤ ᠪᠠᠷ ᠣᠷᠣᠯᠴᠠᠪᠠ᠃      ᠲᠤᠰ ᠤᠳᠠᠭᠠᠨ ᠤ ᠶᠠᠷᠢᠯᠴᠠᠬᠤ ᠬᠤᠷᠠᠯ ᠤᠨ ᠭᠤᠤᠯ ᠵᠣᠷᠢᠯᠭ᠎ᠠ ᠨᠢ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠤᠨ ᠬᠤᠭᠤᠷᠣᠨᠳᠣ ᠪᠠᠨ ᠬᠠᠷᠢᠯᠴᠠᠨ ᠨᠡᠪᠲᠡᠷᠡᠯᠴᠡᠬᠦ ᠪᠠ ᠢᠳᠡᠪᠬᠢᠲᠡᠶ ᠬᠠᠷᠢᠭᠤᠯᠲᠠ ᠥᠭᠬᠦ ᠶᠠᠪᠤᠳᠠᠯ ᠪᠠᠶᠢᠵᠤ᠂ ᠬᠤᠷᠠᠯ ᠳᠡᠭᠡᠷ᠎ᠡ ᠵᠠᠩ ᠵᠢᠶᠦ᠋ᠨ ᠴᠢᠩ ᠡᠩ ᠲᠡᠷᠢᠭᠦᠨ ᠳᠤ ᠶᠠᠷᠢᠶ᠎ᠠ ᠲᠠᠯᠪᠢᠵᠤ᠂ ᠪᠠᠶᠠᠨᠨᠠᠭᠤᠷ ᠬᠤᠲᠠ ᠶᠢᠨ ᠲᠡᠷᠢᠭᠦᠨ ᠤ ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ᠂ ᠲᠦᠩᠯᠢᠶᠣᠤ ᠬᠤᠲᠠ ᠶᠢᠨ ᠴᠢᠨᠠᠷ ᠰᠠᠶᠢᠲᠠᠶ ᠲᠥᠬᠦᠭᠡᠷᠦᠮᠵᠢᠲᠦ ᠲᠠᠷᠢᠶᠠᠯᠠᠩ᠂ ᠱᠧᠨᠵᠧᠨ ᠬᠤᠲᠠ ᠶᠢᠨ ᠥᠨᠳᠥᠷ ᠪᠠᠷᠢᠮᠵᠢᠶᠠᠲᠤ ᠥᠨᠳᠥᠷ ᠨᠡᠮᠡᠯᠲᠡ ᠥᠷᠲᠡᠭᠲᠦ ᠲᠠᠷᠢᠶᠠᠯᠠᠩ ᠤᠨ ᠬᠥᠭᠵᠢᠯᠲᠡ ᠶᠢᠨ ᠵᠠᠮ ᠮᠥᠷ ᠵᠡᠷᠭᠡ ᠠᠯᠢ ᠣᠯᠠᠨ ᠲᠥᠬᠦᠭᠡᠷᠦᠮᠵᠢᠲᠦ ᠲᠠᠷᠢᠶᠠᠯᠠᠩ ᠤᠨ ᠦᠯᠢᠭᠡᠷ ᠳᠠᠭᠤᠷᠢᠶᠠᠯ ᠢ ᠵᠢᠭᠰᠠᠭᠠᠵᠤ᠂ ᠡᠭᠦᠨ ᠢᠶᠠᠷ ᠮᠠᠨ ᠤ ᠪᠠᠯᠭᠠᠰᠤᠨ ᠤ ᠲᠥᠬᠦᠭᠡᠷᠦᠮᠵᠢᠲᠦ ᠲᠠᠷᠢᠶᠠᠯᠠᠩ ᠳᠤ ᠯᠠᠪᠯᠠᠯᠲᠠ ᠪᠣᠯᠭᠠᠵᠤ᠂ ᠪᠠᠷᠢᠮᠵᠢᠶ᠎ᠠ ᠪᠤᠯᠭᠠᠨ᠎ᠠ ᠭᠡᠪᠡ᠃ ᠪᠤᠷᠤᠬᠤᠰᠢᠭᠤ ᠪᠠᠯᠭᠠᠰᠤᠨ ᠤ ᠱᠢ ᠫᠢᠩ ᠬᠠᠷᠢᠭᠤᠴᠠᠵᠤ ᠪᠠᠶᠢᠭ᠎ᠠ ᠬᠠᠮᠢᠶ᠎ᠠ ᠪᠦᠬᠦᠢ ᠠᠵᠢᠯ ᠤᠨ ᠢᠶᠠᠨ ᠲᠤᠬᠠᠶ᠂ ᠡᠯ᠎ᠡ ᠠᠵᠤ ᠠᠬᠤᠶᠢᠯᠠᠯ ᠤᠨ ᠬᠦᠷᠢᠶᠡᠯᠡᠩ ᠲᠤᠭᠤᠷᠢᠭ ᠳᠤ ᠱᠠᠭᠠᠷᠳᠠᠯᠭ᠎ᠠ ᠪᠠ ᠰᠠᠨᠠᠭᠤᠯᠭ᠎ᠠ ᠳᠤᠷᠠᠳᠴᠣ᠂ ᠭᠠᠯ ᠰᠡᠷᠬᠡᠶᠢᠯᠡᠬᠦ ᠬᠤᠭᠤᠴᠠᠭᠠᠨ ᠤ ᠡᠯ᠎ᠡ ᠬᠦᠷᠢᠶᠡᠯᠡᠩ ᠲᠣᠭᠤᠷᠢᠭ ᠤᠨ ᠨᠣᠴᠣᠮᠠᠲᠠᠭᠠᠶ ᠪᠣᠳᠠᠰ ᠢ ᠴᠡᠪᠡᠷᠯᠡᠬᠦ᠂ ᠬᠦᠯᠡᠮᠵᠢ ᠶᠢᠨ ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ ᠠᠰᠠᠭᠤᠳᠠᠯ ᠢ ᠭᠤᠤᠯᠳᠠᠯᠭ᠎ᠠ ᠲᠠᠢ ᠳᠤᠷᠠᠳᠪᠠ᠃ ᠡᠯ᠎ᠡ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠴᠤ ᠡᠶᠢᠮᠦᠷᠬᠦ ᠠᠰᠠᠭᠤᠳᠠᠯ ᠤᠨ ᠲᠤᠬᠠᠢ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠳᠤ ᠣᠳᠣᠬᠠᠨ ᠤ ᠠᠬᠢᠴᠠ ᠪᠠᠨ ᠮᠡᠳᠡᠭᠦᠯᠵᠡᠢ᠃ ᠳᠠᠷᠠᠭ᠎ᠠ ᠨᠢ᠂ ᠭᠦᠩ ᠬᠠᠶ ᠯᠦᠩ ᠬᠤᠷᠠᠯ ᠳᠡᠭᠡᠷ᠎ᠡ ᠡᠯ᠎ᠡ ᠬᠦᠷᠢᠶᠡᠯᠡᠩ ᠲᠣᠭᠤᠷᠢᠭ ᠤᠨ ᠳᠤᠷᠠᠳᠤᠭᠰᠠᠨ ᠠᠰᠠᠭᠤᠳᠠᠯ ᠳᠤ ᠬᠠᠮᠢᠶ᠎ᠠ ᠪᠦᠬᠦᠢ ᠬᠠᠷᠢᠭᠤᠯᠲᠠ ᠥᠭᠭᠦᠭᠰᠡᠨ ᠤ ᠬᠠᠮᠲᠤ ︽ᠬᠦᠯᠡᠮᠵᠢ ᠶᠢᠨ ᠲᠥᠯᠥᠪᠵᠢᠭᠦᠯᠭᠡ ᠨᠢ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠬᠡᠷᠡᠭᠲᠡᠶ ᠪᠠᠶᠢᠵᠤ᠂ ᠲᠠᠷᠢᠶᠠᠯᠠᠩ ᠢ ᠬᠥᠭᠵᠢᠭᠦᠯᠬᠦ ᠳᠤ ᠨᠡᠩ ᠴᠤ ᠲᠣᠳᠣᠷᠬᠠᠶ ᠰᠤᠳᠤᠯᠵᠤ᠂ ᠪᠠᠶᠢᠷᠢ ᠲᠣᠭᠲᠠᠭᠠᠯᠲᠠ ᠨᠢ ᠣᠨᠣᠪᠴᠢᠲᠠᠶ ᠪᠠᠶᠢᠬᠤ ᠬᠡᠷᠡᠭᠲᠡᠶ︾᠂ ︽ᠤᠯᠤᠰ ᠤᠨ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ ᠶᠢ ᠣᠨᠣᠪᠴᠢᠲᠠᠶ ᠪᠠᠶᠢᠯᠭᠠᠬᠤ ᠬᠡᠷᠡᠭᠲᠡᠢ︾ ᠭᠡᠵᠦ ᠢᠯᠡᠷᠬᠡᠶᠢᠯᠡᠪᠡ᠃
     ᠲᠤᠰ ᠤᠳᠠᠭᠠᠨ ᠤ ᠰᠠᠭᠤᠳᠠᠯ ᠤᠨ ᠬᠤᠷᠠᠯ ᠨᠢ ᠪᠠᠯᠭᠠᠰᠤᠨ ᠳᠤ ᠰᠠᠭᠤᠭ᠎ᠠ ᠲᠠᠷᠢᠶᠠᠯᠠᠩ ᠤᠨ ᠠᠵᠤ ᠠᠬᠤᠶᠢᠯᠠᠯ ᠤᠨ ᠳᠠᠭᠤᠨ ᠢ ᠰᠤᠨᠤᠰᠴᠤ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢ ᠤᠯᠠᠮᠵᠢᠯᠠᠵᠤ᠂ ᠪᠤᠷᠤᠬᠤᠰᠢᠭᠤ ᠪᠠᠯᠭᠠᠰᠤᠨ ᠤ ᠪᠦᠬᠦ ᠲᠠᠷᠢᠶᠠᠯᠠᠩ ᠤᠨ ᠠᠵᠤ ᠠᠬᠤᠶᠢᠯᠠᠯ ᠢ ᠬᠥᠭᠵᠢᠯᠲᠡ ᠶᠢᠨ ᠢᠷᠡᠭᠡᠳᠦᠶ ᠳᠤ ᠢᠲᠡᠭᠡᠯ ᠲᠠᠢ ᠪᠤᠯᠭᠠᠵᠤ᠂ ᠬᠤᠶᠢᠰᠢᠳᠠ ᠶᠢᠨ ᠠᠵᠢᠯ ᠤᠨ ᠴᠢᠭᠯᠡᠯ ᠵᠢᠴᠢ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠣᠶᠢᠯᠠᠭᠠᠭᠤᠯᠵᠤ᠂ ᠦᠵᠡᠯ ᠰᠠᠨᠠᠭᠠᠨ ᠤ ᠤᠬᠠᠮᠰᠠᠷ ᠨᠢ ᠴᠤ ᠤᠯᠠᠮ ᠨᠢᠭᠡ ᠠᠯᠬᠤᠮ ᠳᠡᠭᠡᠭᠰᠢᠯᠡᠪᠡ᠃ ᠪᠠᠯᠭᠠᠰᠤᠨ ᠤ ᠵᠠᠰᠠᠭ ᠤᠨ ᠣᠷᠳᠣᠨ ᠪᠠᠰᠠ ᠪᠠᠯᠭᠠᠰᠤᠨ ᠳᠤ ᠰᠠᠭᠤᠭ᠎ᠠ ᠠᠵᠤ ᠠᠬᠤᠶᠢᠯᠠᠯ ᠤᠨ ᠪᠣᠳᠠᠲᠤ ᠪᠠᠶᠢᠳᠠᠯ ᠢ ᠭᠦᠢᠴᠡᠳ ᠣᠶᠢᠯᠠᠭᠠᠵᠤ᠂ ᠢᠷᠡᠭᠡᠳᠦᠢ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠳᠤ ᠶᠡᠭᠡ ᠠᠰᠢᠭᠲᠠᠢ ᠪᠤᠯᠤᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号