ᠰᠤᠷᠪᠤᠯᠵᠢᠯᠠᠭᠴᠢ ᠶᠢᠨ ᠤᠶᠢᠯᠠᠭᠠᠬᠰᠠᠨ ᠢᠶᠠᠷ᠂ ᠬᠦᠬᠡᠬᠤᠲᠠ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ | ᠶᠢᠨ ᠰᠠᠯᠪᠤᠷᠢ ᠠᠩᠬᠢ ᠦᠨᠦᠲᠦᠷ ᠠᠴᠠ 12 ᠰᠠᠷ᠎ᠠ ᠶᠢᠨ 31 ᠤ ᠡᠲᠦᠷ ᠪᠤᠯᠲᠠᠯ᠎ᠠ ᠪᠦᠬᠦ ᠬᠤᠲᠠ ᠶᠢᠨ ᠵᠠᠮ | ᠲᠡᠭᠡᠭᠡᠪᠦᠷᠢ ᠶᠢᠨ ᠬᠠᠮᠢᠶᠠᠷᠤᠯᠲᠠ ᠶᠢᠨ ᠰᠢᠰᠲ᠋ᠧᠮ ᠳᠤ ︽ᠭᠤᠷᠪᠠᠨ ᠰᠠᠷ᠎ᠠ ᠡᠷᠡᠯᠬᠡᠭᠯᠡᠨ ᠲᠡᠮᠡᠴᠡᠵᠤ᠂ ᠰᠢᠨ᠎ᠡ | ᠱᠠᠳᠤᠨ ᠳᠤ ᠲᠠᠪᠰᠢᠬᠤ︾ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠡᠷᠬᠡᠰᠢᠶᠡᠯ ᠢ ᠰᠡᠢᠳᠪᠦᠷᠢᠯᠡᠬᠦ ᠠᠵᠢᠯᠯᠠᠭ᠎ᠠ | ᠠᠪᠬᠤ ᠪᠠᠷ ᠲᠤᠭᠲᠠᠯ᠎ᠠ᠃ ᠬᠦᠬᠡᠬᠤᠲᠠ ᠶᠢᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠤᠨ ᠪᠤᠲᠠᠲᠠᠢ | ᠪᠠᠶᠢᠲᠠᠯ ᠲᠠᠢ ᠤᠶᠠᠯᠳᠤᠭᠤᠯᠤᠨ᠂ ᠲᠦᠭᠰᠢᠬᠦᠷᠢ ᠶᠢ ᠰᠡᠷᠭᠡᠶᠢᠯᠡᠬᠦ᠂ ᠭᠡᠨᠡᠲᠡᠯ ᠬᠡᠷᠡᠭ ᠢ ᠴᠦᠬᠡᠳᠬᠡᠭᠦ᠂ ᠠᠶᠤᠯᠬᠦᠢ ᠶᠢ | ᠪᠠᠳᠤᠯᠠᠬᠤ᠂ ᠢᠯᠭᠤᠮ ᠰᠢᠭᠤᠳ ᠢ ᠪᠠᠳᠤᠯᠠᠬᠤ᠂ ᠲᠤᠬᠲᠠᠭᠤᠨ ᠢ ᠬᠠᠮᠠᠭᠠᠯᠠᠬᠤ᠂ ᠬᠦᠭᠵᠢᠯᠲᠡ ᠶᠢ ᠠᠬᠢᠭᠤᠯᠬᠤ ᠪᠠᠷ | ᠪᠦᠬᠦ ᠬᠦᠴᠦᠨ ᠢᠶᠠᠷ ᠴᠢᠷᠮᠠᠶᠢᠨ᠂ ᠰᠠᠭᠤᠷᠢ ᠶᠢ ᠪᠠᠳᠤᠳᠬᠠᠬᠤ᠂ ᠲᠤᠲᠠᠭᠤᠲᠠᠯ ᠢᠶᠠᠨ ᠨᠦᠬᠦᠬᠦ᠂ ᠪᠠᠭᠤᠷᠠᠢ ᠲᠠᠯ᠎ᠠ ᠪᠠᠨ | ᠰᠠᠶᠢᠵᠢᠷᠠᠭᠤᠯᠬᠤ᠂ ᠲᠡᠭᠡᠭᠰᠢᠯᠡᠯᠲᠡ ᠶᠢ ᠪᠤᠲᠤᠯᠬᠢᠯᠠᠬᠤ ᠲᠠᠯ᠎ᠠ ᠪᠠᠷ ᠬᠦᠴᠦ ᠲᠠᠯᠪᠢᠵᠤ᠂ ᠭᠤᠷᠪᠠᠨ ᠰᠠᠷ᠎ᠠ ᠶᠢᠨ | ᠬᠠᠲᠠᠭᠤᠵᠢᠯᠲᠠᠢ ᠰᠢᠷᠭᠠᠭᠤ ᠴᠢᠷᠮᠠᠶᠢᠯᠭ᠎ᠠ ᠪᠠᠷ ᠲᠠᠮᠵᠢᠨ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠢᠶᠠᠨ | ᠲᠦᠷᠪᠡᠲᠦᠭᠡᠷ ᠤᠯᠠᠷᠢᠯ ᠳᠤ ᠰᠢᠨ᠎ᠡ ᠱᠠᠳᠤᠨ ᠳᠤ ᠠᠬᠢᠭᠤᠯᠤᠨ᠂ ᠰᠢᠨ᠎ᠡ ᠰᠢᠪᠳᠤᠯᠤᠯᠲᠠ ᠶᠢ ᠪᠡᠶᠡᠯᠡᠬᠦᠯᠬᠦ ᠪᠠᠷ | ᠰᠢᠭᠤᠲᠤᠪᠠ᠃ | ᠬᠤᠲᠠ ᠲᠤᠭᠤᠷᠢᠭ ᠤᠨ ᠵᠠᠮ ᠲᠡᠭᠡᠭᠡᠪᠦᠷᠢ ᠶᠢᠨ ᠨᠠᠷᠢᠯᠢᠬᠵᠢᠭᠤᠯᠤᠬᠰᠠᠨ ᠬᠠᠮᠢᠶᠠᠷᠤᠯᠲᠠ ᠶᠢ ᠴᠢᠩᠭᠠᠳᠬᠠᠨ | ᠰᠠᠶᠢᠵᠢᠷᠠᠭᠤᠯᠵᠤ᠂ ᠲᠦᠭᠵᠢᠷᠡᠯ ᠢ ᠰᠢᠯᠤᠭᠤᠳᠬᠠᠨ ᠢᠯᠭᠤᠮ ᠰᠢᠭᠤᠳ ᠢ ᠪᠠᠳᠤᠯᠠᠬᠤ ᠠᠵᠢᠯ ᠢ ᠪᠦᠬᠦ ᠲᠠᠯ᠎ᠠ ᠪᠠᠷ | ᠠᠬᠢᠭᠤᠯᠤᠨ᠎ᠠ᠃ ︽ᠲᠦᠷᠪᠡᠨ ᠱᠠᠳᠤᠨ ᠤ ᠲᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠲᠦᠷᠢᠮ︾ ᠢ ᠴᠢᠩᠭ᠎ᠠ | ᠨᠠᠶᠢᠲᠠᠪᠤᠷᠢᠵᠢᠭᠤᠯᠵᠤ᠂ ᠵᠠᠮ ᠳᠤ ᠴᠠᠭᠲᠠᠭ᠎ᠠ ᠬᠠᠷᠠᠭᠲᠠᠬᠤ ᠨᠤᠷᠮ᠎ᠠ᠂ ᠤᠴᠢᠷ ᠶᠠᠪᠤᠲᠠᠯ ᠢ ᠬᠠᠮᠢᠶᠠᠷᠬᠤ ᠨᠤᠷᠮ᠎ᠠ ᠶᠢ | ᠲᠡᠭᠡᠭᠰᠢᠯᠡᠬᠦᠯᠦᠨ᠂ ᠬᠤᠲᠠ ᠲᠤᠭᠤᠷᠢᠭ ᠲᠠᠬᠢ ᠵᠠᠮ ᠨᠡᠪᠲᠡᠷᠡᠯᠭᠡ ᠶᠢᠨ ᠡᠮᠬᠢ ᠵᠢᠷᠤᠮ ᠤᠨ ᠴᠡᠭᠴᠡᠯᠡᠯᠲᠡ ᠶᠢ | ᠵᠠᠯᠭᠠᠪᠠᠷ ᠦᠷᠨᠢᠬᠦᠯᠵᠤ᠂ ᠪᠦᠬᠦᠲᠡ ᠴᠠᠭᠲᠠᠭ᠎ᠠ ᠵᠠᠮ ᠳᠤ ᠭᠠᠷᠬᠤ ᠶᠢ ᠪᠠᠷᠢᠮᠲᠠᠯᠠᠨ᠂ ᠴᠢᠭ᠋ ᠲᠤᠭᠲᠠᠭᠠᠬᠤ᠂ ᠵᠠᠮ ᠢᠶᠠᠷ | ᠴᠠᠬᠲᠠᠬᠤ᠂ ᠬᠦᠲᠡᠯᠦᠩᠭᠦᠢ ᠪᠡᠯᠡᠬᠡᠨ ᠪᠠᠶᠢᠯᠭᠠᠬᠤ ᠠᠷᠭ᠎ᠠ ᠬᠡᠯᠪᠡᠷᠢ ᠶᠢ ᠪᠠᠷᠢᠮᠳᠠᠯᠠᠨ᠂ ᠲᠤᠬᠠᠢ ᠲᠠᠯᠠᠪᠤᠷ ᠲᠤᠨᠢ | ᠲᠤᠷᠭᠠᠬᠤ ᠪᠡ ᠲᠤᠬᠠᠢ ᠲᠠᠯᠠᠪᠤᠷ ᠪᠤᠰᠤ ᠭᠠᠵᠠᠷ ᠲᠤ ᠬᠠᠤᠯᠢ ᠬᠡᠷᠡᠭᠵᠢᠬᠦᠯᠬᠦ ᠠᠷᠭ᠎ᠠ ᠬᠡᠮᠵᠢᠶ᠎ᠠ ᠪᠠᠷ ᠲᠠᠮᠵᠢᠨ᠂ | ᠮᠠᠰᠢᠨᠳᠤ ᠲᠡᠷᠭᠡ ᠶᠢᠨ ᠵᠠᠮ ᠨᠡᠪᠲᠡᠷᠡᠯᠭᠡ ᠶᠢᠨ ᠬᠠᠤᠯᠢ ᠲᠦᠷᠢᠮ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠳᠠᠯᠠᠨ | ᠪᠠᠶᠢᠴᠠᠭᠠᠨ ᠰᠡᠢᠳᠪᠦᠷᠢᠯᠡᠨ᠎ᠡ᠃ ᠵᠠᠮ ᠲᠡᠭᠡᠭᠡᠪᠦᠷᠷᠢ ᠶᠢᠨ ᠲᠤᠭᠲᠠᠩᠭᠤᠢ ᠬᠠᠮᠢᠶᠠᠷᠤᠯᠲᠠ ᠶᠢᠨ ᠲᠦᠪᠰᠢᠨ ᠢ | ᠲᠡᠭᠡᠭᠰᠢᠯᠡᠬᠦᠯᠦᠨ᠂ ᠮᠠᠰᠢᠨᠳᠤ ᠲᠡᠷᠭᠡ ᠶᠢ ᠡᠷᠦᠢ ᠬᠤᠷᠤᠢ ᠦᠭᠡᠢ ᠵᠤᠬᠰᠤᠭᠠᠬᠤ ᠡᠷᠦᠢ ᠬᠤᠷᠤᠢ ᠦᠭᠡᠢ ᠲᠠᠯᠪᠢᠬᠤ᠂ | ᠬᠠᠮᠳᠤ ᠶᠢᠨ ᠡᠳ᠋ᠯᠡᠬᠡᠨ ᠤ ᠤᠨᠤᠬᠤ ᠲᠡᠷᠭᠡ ᠶᠢ ᠰᠠᠨᠠᠭᠠᠨ ᠲᠠᠪᠠ ᠪᠠᠷ᠂ ᠡᠮᠬᠢ ᠵᠢᠷᠤᠮ ᠦᠭᠡᠢ᠂ ᠡᠷᠦᠢ ᠬᠤᠷᠤᠢ | ᠦᠭᠡᠢ ᠵᠤᠬᠰᠤᠭᠠᠬᠤ ᠲᠠᠯᠪᠢᠬᠤ ᠶᠢ ᠴᠢᠩᠭ᠎ᠠ ᠬᠠᠮᠢᠶᠠᠷᠤᠨ᠂ ᠰᠤᠷᠭᠠᠭᠤᠯᠢ ᠶᠢᠨ ᠬᠦᠷᠢᠶᠡᠨ ᠤ ᠬᠠᠪᠢ ᠲᠦᠰᠦᠷ ᠤᠨ | ᠵᠡᠮ ᠨᠡᠪᠲᠡᠷᠡᠯᠭᠡ ᠶᠢᠨ ᠬᠠᠮᠢᠶᠠᠷᠤᠯᠲᠠ ᠪᠠ ᠬᠦᠲᠦᠯᠬᠦ ᠵᠢᠯᠤᠭᠤᠲᠤᠯᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ | ᠡᠬᠦᠲᠡᠨ ᠳᠠᠬᠢ ᠰᠤᠷᠤᠭᠴᠢᠳ ᠤᠨ ᠲᠤᠭᠤᠢ ᠲᠡᠷᠭᠡ ᠵᠤᠬᠰᠠᠭᠠᠬᠤ ᠬᠠᠮᠢᠶᠠᠷᠤᠯᠲᠠ ᠶᠢ ᠵᠢᠷᠤᠮᠵᠢᠭᠤᠯᠤᠨ᠂ ᠰᠤᠷᠤᠭᠴᠢ | ᠬᠦᠷᠭᠡᠬᠦ ᠲᠤᠰᠬᠤ ᠲᠡᠷᠭᠡ ᠬᠦᠰᠭᠡ ᠶᠢᠨ ᠬᠠᠮᠢᠶᠠᠷᠤᠯᠲᠠ ᠶᠢ ᠡᠷᠴᠢᠮᠵᠢᠬᠦᠯᠦᠨ᠎ᠡ᠃ ᠨᠡᠶᠢᠲᠡ ᠶᠢᠨ ᠮᠠᠰᠢᠨ ᠲᠡᠷᠭᠡ ᠶᠢᠨ | ᠵᠠᠮ ᠨᠡᠪᠲᠡᠷᠡᠯᠭᠡ ᠶᠢᠨ ᠬᠠᠤᠯᠢ ᠲᠦᠷᠢᠮ ᠢ ᠬᠦᠨᠳᠦ ᠨᠤᠴᠢᠲᠠᠢ ᠵᠦᠷᠢᠴᠡᠭᠰᠡᠨ ᠠᠰᠠᠭᠤᠲᠠᠯ ᠤᠨ ᠵᠠᠰᠠᠯᠲᠠ ᠶᠢ | ᠴᠢᠩᠭᠠᠯᠠᠵᠤ᠂ ᠵᠠᠮ ᠵᠠᠰᠠᠬᠤ ᠪᠠᠷᠢᠯᠭ᠎ᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠪᠠᠷᠢᠯᠭ᠎ᠠ ᠶᠢᠨ ᠨᠢᠭᠡᠴᠡ | ᠶᠢ ᠬᠢᠨᠠᠨ ᠱᠠᠭᠠᠷᠲᠠᠵᠤ ᠪᠠᠶᠢᠭᠠᠳ ᠲᠣᠭᠲᠠᠭᠰᠠᠨ ᠴᠠᠭ ᠲᠠᠭᠠᠨ ᠪᠠᠷᠢᠯᠭ᠎ᠠ ᠶᠢᠨ ᠠᠵᠢᠯ ᠢᠶᠠᠨ ᠵᠤᠬᠢᠶᠠᠨ | ᠪᠠᠶᠢᠭᠤᠯᠤᠭᠤᠯᠵᠤ᠂ ᠬᠦᠷᠢᠶᠡᠯᠡᠵᠦ ᠠᠪᠤᠭᠠᠳ ᠵᠠᠰᠠᠬᠤ ᠦᠭᠡᠢ ᠠᠰᠠᠭᠤᠲᠠᠯ ᠢ ᠴᠢᠩᠭ᠎ᠠ ᠲᠡᠪᠴᠢᠨ᠎ᠡ᠃ ᠬᠤᠲᠠ ᠶᠢᠨ | ᠵᠠᠰᠠᠭ ᠤᠨ ᠤᠷᠲᠤᠨ ᠤ ᠡᠷᠬᠡ ᠲᠤᠰᠢᠶᠠᠯᠳᠤ ᠰᠠᠯᠠᠭ᠎ᠠ ᠮᠦᠴᠢᠷ ᠯᠦᠭᠡ ᠬᠠᠮᠵᠢᠯᠴᠠᠨ᠂ ᠵᠢᠵᠢᠭ ᠵᠡᠭᠡᠯᠢ ᠨᠠᠷᠢᠨ | ᠭᠤᠲᠤᠮᠵᠢ ᠶᠢᠨ ᠵᠡᠮ ᠨᠡᠪᠲᠡᠷᠡᠯᠭᠡ ᠶᠢᠨ ᠵᠤᠬᠢᠶᠠᠨ ᠪᠠᠶᠢᠭᠤᠯᠤᠯᠲᠠ ᠶᠢ ᠲᠠᠰᠤᠷᠠᠯ ᠦᠭᠡᠢ ᠲᠤᠬᠢᠷᠠᠯᠴᠠᠭᠤᠯᠵᠤ | ᠰᠢᠯᠢᠲᠡᠭᠵᠢᠬᠦᠯᠦᠨ᠎ᠡ᠃ ︽ᠬᠡᠪᠰᠢᠭᠰᠡᠨ︾ ᠵᠠᠮ ᠲᠡᠭᠡᠭᠡᠪᠦᠷᠢ ᠶᠢᠨ ᠠᠶᠤᠯᠬᠦᠢ ᠶᠢᠨ ᠬᠠᠮᠢᠶᠠᠷᠤᠯᠲᠠ ᠶᠢᠨ | ᠲᠦᠬᠦᠭᠡᠷᠦᠮᠵᠢ ᠶᠢᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠬᠤᠲᠠ ᠶᠢᠨ ᠲᠤᠭᠤᠷᠢᠭ ᠲᠠᠬᠢ ᠲᠤᠰᠭᠠᠷᠯᠠᠬᠤ | ᠬᠠᠮᠠᠭᠠᠯᠠᠯᠲᠠ ᠶᠢᠨ ᠬᠠᠯᠬᠠᠪᠴᠢ ᠬᠡᠷᠡᠰᠭᠡ ᠵᠡᠷᠭᠡ ᠵᠠᠮ ᠨᠡᠪᠲᠡᠷᠡᠯᠭᠡ ᠶᠢᠨ ᠠᠶᠤᠯᠬᠦᠢ ᠶᠢᠨ ᠲᠦᠬᠦᠭᠡᠷᠦᠮᠵᠢ ᠳᠤ | ᠰᠢᠷᠪᠢᠯᠲᠡ ᠶᠢᠨ ᠬᠡᠯᠪᠡᠷᠢ ᠶᠢᠨ ᠪᠠᠶᠢᠴᠠᠭᠠᠯᠲᠠ ᠬᠢᠵᠦ᠂ ᠭᠤᠤᠯᠲᠠᠯᠭ᠎ᠠ ᠪᠦᠬᠦᠢ ᠵᠡᠭᠡᠯᠢ ᠶᠢᠨ ᠵᠠᠮ ᠳᠤ ᠲᠡᠷᠬᠡ | ᠵᠤᠬᠰᠤᠭᠠᠬᠤ ᠶᠢ ᠬᠤᠷᠢᠬᠤ ᠲᠡᠮᠲᠡᠭ ᠨᠡᠮᠡᠵᠤ ᠲᠤᠬᠢᠶᠠᠨ᠂ ᠰᠡᠷᠡᠮᠵᠢᠬᠦᠯᠭᠡ ᠶᠢᠨ ᠴᠢᠨᠠᠷᠲᠠᠢ ᠵᠠᠮ ᠨᠡᠪᠲᠡᠷᠡᠯᠭᠡ ᠶᠢᠨ | ᠢᠯᠭᠠᠬᠤ ᠲᠡᠮᠲᠡᠭ ᠢ ᠨᠡᠮᠡᠬᠦ ᠪᠤᠶᠤ ᠪᠦᠷᠢᠨᠰᠢᠬᠦᠯᠦᠨ᠎ᠡ᠃ ᠤᠷᠬᠢᠬᠲᠠᠯ ᠢ ᠪᠠᠶᠢᠴᠠᠭᠠᠨ ᠲᠤᠲᠤᠠᠭᠤᠲᠠᠯ ᠢ ᠨᠦᠬᠦᠵᠦ᠂ | ᠵᠠᠮ ᠨᠡᠪᠲᠡᠷᠡᠯᠭᠡ ᠶᠢᠨ ᠲᠦᠬᠦᠭᠡᠷᠦᠮᠵᠢ ᠵᠢᠷᠤᠮᠵᠢᠭᠤᠨ ᠪᠢᠰᠢ᠂ ᠵᠤᠬᠢᠮᠵᠢᠲᠠᠢ ᠪᠢᠰᠢ᠂ ᠪᠦᠷᠢᠨ ᠵᠢᠭᠲᠡ ᠪᠤᠰᠤ ᠵᠡᠷᠭᠡ | ᠠᠰᠠᠭᠤᠲᠠᠯ ᠤᠨ ᠲᠠᠰᠤᠷᠠᠯᠲᠠ ᠦᠭᠡᠢ ᠵᠤᠬᠢᠴᠠᠭᠤᠯᠤᠨ ᠰᠢᠯᠢᠲᠡᠭᠵᠢᠬᠦᠯᠬᠦ ᠪᠤᠶᠤ ᠰᠡᠢᠳᠪᠦᠷᠢᠯᠡᠨ᠎ᠡ᠃ ︵ | ᠰᠤᠷᠪᠤᠯᠵᠢᠯᠠᠬᠴᠢ ᠲᠢᠶᠠᠨ ᠰᠢᠨ ᠴᠢᠮᠡᠭᠡᠯᠡᠭᠴᠢ ᠵᠸᠦ ᠶᠠᠨ ᠬᠤᠤ︶ | http://mongol.people.com.cn/15826473.html | |