ᠥᠪᠥᠷ ᠮᠣᠩᠭᠤᠯ ᠤᠨ ᠡᠳᠦᠷ ᠤᠨ ᠰᠣᠨᠢᠨ ᠤ ᠬᠦᠬᠡᠬᠤᠲᠠ ᠶᠢᠨ ᠮᠡᠲᠡᠭᠡ ︵ᠰᠤᠷᠪᠤᠯᠵᠢᠯᠠᠭᠴᠢ ᠵᠧᠩ | ᠰᠢᠤᠸᠠᠢ ᠯᠢᠶᠠᠩ︶ 10 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠡᠳ᠋ ᠲᠡᠷᠢᠭᠦᠯᠡᠭᠴᠢ ᠪᠤᠤ | ᠭᠠᠩ ᠬᠦᠬᠡᠬᠤᠲᠠ ᠳᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ | ᠳᠤᠯᠠᠭᠠᠯᠠᠭ᠎ᠠ ᠶᠢ ᠪᠠᠲᠤᠯᠠᠬᠤ ᠠᠵᠢᠯ ᠳᠤ ᠪᠠᠶᠢᠴᠠᠭᠠᠠ ᠰᠤᠲᠤᠯᠤᠯᠲᠠ ᠬᠢᠬᠦ ᠳᠡᠭᠡᠨ᠂ ᠨᠢᠭᠡᠲᠦᠯᠲᠡᠢ ᠲᠦᠯᠦᠪᠵᠢᠭᠦᠯᠵᠦ | ᠰᠢᠨᠵᠢᠯᠡᠬᠦ ᠤᠬᠠᠭᠠᠠᠴᠢ ᠪᠠᠷ ᠲᠤᠬᠢᠷᠠᠭᠤᠯᠤᠯᠲᠠ ᠬᠢᠵᠦ ᠭᠤᠣᠯᠳᠠᠯᠭ᠎ᠠ ᠪᠠᠨ ᠲᠤᠪᠤᠶᠢᠯᠭᠠᠠ ᠨᠠᠶᠢᠳᠠᠪᠤᠷᠢᠵᠢᠭᠤᠯᠤᠯᠲᠠ ᠶᠢ | ᠴᠢᠩᠭᠠᠷᠠᠭᠤᠯᠤᠨ ᠠᠭᠠᠷ ᠮᠠᠠᠲᠠᠯ ᠤᠨ ᠪᠤᠬᠢᠷᠲᠤᠯ ᠢ ᠰᠡᠷᠭᠡᠶᠢᠯᠡᠡ ᠵᠠᠰᠠᠬᠤ ᠪᠠ ᠳᠤᠯᠠᠭᠠᠯᠠᠭ᠎ᠠ ᠶᠢᠨ ᠪᠠᠲᠤᠯᠠᠭ᠎ᠠ ᠶᠢᠨ | ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠲᠤᠭ᠎ᠠ ᠬᠡᠮᠵᠢᠶ᠎ᠡ ᠪᠠᠷ ᠨᠢ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠪᠤᠤ ᠭᠠᠩ ᠲᠤᠬᠠᠢ ᠶᠢᠨ ᠭᠠᠵᠠᠷ ᠲᠤᠨᠢ ᠪᠠᠶᠢᠴᠠᠭᠠᠠ ᠰᠤᠲᠤᠯᠤᠯᠲᠠ ᠬᠢᠭᠰᠡᠡ ᠤ ᠳᠠᠷᠠᠭ᠎ᠠ᠂ ᠳᠤᠯᠠᠭᠠᠯᠠᠭ᠎ᠠ ᠶᠢᠨ | ᠠᠵᠢᠯ ᠪᠤᠯ ᠨᠠᠮᠤᠷ ᠡᠪᠦᠯ ᠤᠨ ᠤᠯᠠᠷᠢᠯ ᠤᠨ ᠬᠠᠮᠤᠭ ᠤᠨ ᠲᠤᠮᠤ ᠠᠷᠠᠳ ᠤᠨ ᠠᠮᠢᠲᠤᠷᠠᠯ ᠤᠨ ᠢᠨᠵᠧᠨᠧᠷᠢᠩ ᠮᠦᠨ᠂ | ᠬᠦᠬᠡᠬᠤᠲᠠ ᠠᠷᠠᠳ ᠲᠦᠮᠠᠠ ᠢᠶᠠᠷ ᠭᠤᠤᠯ ᠪᠤᠯᠭᠠᠬᠤ ᠬᠦᠭᠵᠢᠯᠲᠠ ᠶᠢᠨ ᠰᠡᠳᠭᠢᠴᠡ ᠶᠢ ᠬᠦᠨᠵᠡᠭᠡᠢ | ᠦᠢᠯᠡᠲᠦᠯᠭᠡᠵᠢᠭᠦᠯᠦᠨ᠂ ᠳᠤᠯᠠᠭᠠᠯᠠᠭ᠎ᠠ ᠶᠢ ᠪᠠᠲᠤᠯᠠᠬᠤ ᠴᠢᠲᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠭᠦᠯᠵᠦ᠂ | ᠲᠤᠭᠲᠠᠭᠰᠠᠠ ᠬᠤᠭᠤᠴᠠᠭᠠᠠ ᠳᠤ ᠳᠤᠯᠠᠭᠠᠯᠠᠭ᠎ᠠ ᠶᠢᠨ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠭᠡᠷᠡᠭᠲᠡᠢ᠃ ︽ | ᠨᠡᠭᠦᠷᠡᠰᠦ ᠭᠡᠷᠡᠭᠯᠡᠵᠦ ᠪᠠᠶᠢᠭᠰᠠᠨ ᠢ ᠴᠠᠬᠢᠯᠭᠠᠠ ᠭᠡᠷᠡᠭᠯᠡᠬᠦ ᠪᠤᠯᠭᠠᠠ ᠦᠭᠡᠷᠡᠴᠢᠯᠡᠬᠦ︾ ︽ᠨᠡᠭᠦᠷᠡᠰᠦ ᠭᠡᠷᠡᠭᠯᠡᠵᠦ | ᠪᠠᠶᠢᠭᠰᠠᠨ ᠢ ᠰᠢᠲᠠᠮᠠᠬᠠᠢ ᠬᠡᠢ ᠭᠡᠷᠡᠭᠯᠡᠬᠦ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠴᠠᠬᠢᠯᠭᠠᠨ ᠲᠣᠣᠷ ᠤᠨ | ᠪᠠᠲᠤᠯᠠᠭ᠎ᠠ᠂ ᠰᠢᠲᠠᠮᠠᠬᠠᠢ ᠭᠡᠢ ᠶᠢᠨ ᠢᠷᠡᠯᠲᠡ ᠶᠢ ᠪᠠᠲᠤᠯᠠᠬᠤ ᠪᠠ ᠲᠦᠪᠯᠡᠷᠡᠭᠦᠯᠦᠨ ᠳᠤᠯᠠᠭᠠᠯᠠᠭ᠎ᠠ ᠬᠠᠩᠭᠠᠬᠤ | ᠴᠠᠬᠢᠯᠭᠠᠠ ᠦᠢᠯᠡᠳᠪᠦᠷᠢ ᠶᠢᠨ ᠰᠢᠳᠠᠭᠠᠯᠭ᠎ᠠ ᠶᠢᠨ ᠨᠡᠬᠦᠷᠡᠰᠦ ᠶᠢ ᠪᠠᠲᠤᠯᠠᠬᠤ ᠵᠡᠷᠭᠡ ᠠᠵᠢᠯ ᠢ ᠦᠨᠡᠡ ᠬᠦ ᠰᠠᠶᠢᠲᠤᠷ | ᠬᠢᠵᠦ᠂ ᠳᠤᠯᠠᠭᠠᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠵᠦ ᠰᠢᠢᠳᠪᠦᠷᠢᠯᠡᠬᠦ ᠲᠦᠰᠦᠯ ᠪᠠ ᠪᠠᠴᠢᠮ ᠪᠠᠶᠢᠲᠠᠯ ᠢ | ᠠᠷᠭᠠᠴᠠᠭᠠᠬᠤ ᠡᠳ᠋ ᠪᠤᠲᠠᠰ ᠤᠨ ᠬᠠᠲᠠᠭᠠᠯᠠᠯᠲᠠ ᠶᠢᠨ ᠲᠦᠷᠢᠮ ᠢ ᠲᠤᠭᠲᠠᠭᠠᠵᠦ᠂ ᠠᠰᠠᠭᠤᠲᠠᠯ ᠢ ᠢᠯᠡᠷᠡᠭᠦᠯᠦᠭᠰᠡᠭᠡᠷ | ᠲᠦᠷᠭᠡᠡ ᠰᠢᠢᠳᠪᠦᠷᠢᠯᠡᠵᠦ ᠲᠡᠶᠢᠯᠬᠦ ᠪᠤᠯᠭᠠᠵᠦ᠂ ᠦᠷᠭᠡᠡ ᠤᠯᠠᠠ ᠲᠦᠮᠠᠠ ᠢ ᠠᠷᠢᠭᠤᠨ ᠴᠡᠪᠡᠷ ᠠᠮᠤᠷ ᠲᠦᠪᠰᠢᠨ | ᠳᠤᠯᠠᠭᠠᠨ ᠡᠪᠦᠯᠵᠢᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠪᠤᠤ ᠭᠠᠩ᠂ ᠬᠦᠬᠡᠬᠤᠲᠠ ᠦᠪᠡᠷᠲᠡᠭᠡᠡ ᠵᠠᠰᠠᠬᠤ ᠤᠷᠤᠨ ᠤ ᠲᠦᠪ ᠪᠤᠯᠤᠭᠰᠠᠠ ᠤ ᠬᠤᠪᠢ ᠳᠤ᠂ ᠪᠣᠬᠢᠷᠲᠤᠯ ᠢ | ᠰᠡᠷᠭᠡᠶᠢᠯᠡᠡ ᠵᠠᠰᠠᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠤ ᠢᠯᠠᠯᠲᠠ ᠶᠢ ᠤᠯᠬᠤ ᠲᠤᠶᠢᠯ ᠤᠨ ᠴᠢᠬᠤᠯᠠ | ᠴᠢᠨᠠᠷ ᠢ ᠬᠦᠢᠴᠡᠳ ᠲᠠᠨᠢᠵᠦ᠂ ᠲᠦᠪ ᠤᠨ ᠪᠠ ᠦᠪᠡᠷᠲᠡᠭᠡᠡ ᠵᠠᠰᠠᠬᠤ ᠤᠷᠤᠨ ᠤ ᠡᠯ᠎ᠡ ᠵᠦᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠠ᠂ ᠪᠣᠬᠢᠷᠲᠤᠯ ᠢ ᠰᠡᠷᠭᠡᠶᠢᠯᠡᠡ ᠵᠠᠰᠠᠬᠤ ᠡᠯ᠎ᠡ ᠵᠦᠢᠯ ᠤᠨ | ᠡᠭᠦᠷᠭᠡ ᠶᠢ ᠦᠴᠦᠭᠡᠡ ᠴᠤ ᠰᠤᠯᠠᠷᠠᠭᠤᠯᠤᠯ ᠦᠭᠡᠢ ᠴᠢᠩᠭ᠎ᠠ ᠪᠦᠭᠡᠳ ᠪᠤᠲᠠᠲᠠᠢ ᠠᠳᠬᠤᠬᠤ ᠭᠡᠷᠡᠭᠲᠡᠢ᠃ | ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ᠂ ᠠᠵᠤ ᠦᠢᠯᠡᠳᠪᠦᠷᠢ ᠶᠢᠨ ᠪᠤᠬᠢᠷᠲᠤᠯ᠂ ᠮᠠᠰᠢᠨ ᠲᠡᠷᠭᠡᠡ ᠤ | ᠰᠡᠭᠦᠯ ᠤᠨ ᠬᠡᠢ᠂ ᠤᠯᠠᠠ ᠡᠬᠢᠲᠦ ᠪᠤᠬᠢᠷᠲᠤᠯ ᠵᠡᠷᠭᠡ ᠳᠣᠪᠣᠶᠢᠮ᠎ᠠ ᠠᠰᠠᠭᠤᠳᠠᠯ ᠢ ᠬᠦᠴᠤ ᠤᠷᠤᠭᠤᠯᠤᠨ | ᠰᠢᠢᠳᠪᠦᠷᠢᠯᠡᠵᠦ᠂ ᠡᠨᠡ ᠵᠢᠯ ᠤᠨ ᠡᠯ᠎ᠡ ᠵᠦᠢᠯ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ | ᠡᠬᠦᠷᠭᠡ ᠶᠢ ᠪᠡᠶᠡᠯᠡᠭᠦᠯᠬᠦ ᠶᠢ ᠪᠠᠲᠤᠯᠠᠵᠦ᠂ ᠲᠦᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠦᠭᠵᠢᠯᠲᠠ ᠳᠤ ᠡᠷᠡᠰ ᠪᠠᠲᠤ ᠰᠠᠭᠤᠷᠢ ᠲᠠᠯᠪᠢᠵᠦ ᠦᠭᠬᠦ ᠭᠡᠷᠡᠭᠲᠡᠢ ᠭᠡᠵᠦ ᠴᠢᠬᠤᠯᠠᠴᠢᠯᠠᠵᠠᠢ᠃ |