︵ᠰᠤᠷᠪᠤᠯᠵᠢᠯᠠᠭᠴᠢ ᠮᠢᠶᠥᠥ ᠴᠢᠩ︶ 10 ᠳ᠋ᠤᠭᠠᠷ ᠰᠠᠷ᠎ᠠ ᠶᠢᠨ 17 ᠤ ᠡᠳᠦᠷ ᠪᠣᠯ ᠮᠠᠨ ᠤ ᠤᠯᠤᠰ ᠤᠨ | ᠲᠤᠯᠤᠭᠠᠳᠡᠬᠢ ᠶᠠᠳᠠᠭᠤ ᠶᠢ ᠲᠡᠳᠬᠦᠬᠦ ᠡᠳᠦᠷ ᠪᠣᠯᠣᠨ᠎ᠠ᠂ ᠬᠥᠬᠡᠬᠤᠲᠠ ᠶᠢᠨ ᠦᠨᠳᠦᠰᠦᠲᠡᠨ ᠤ ᠲᠣᠭᠯᠠᠯᠲᠠ | ᠤᠷᠠᠯᠢᠭ ᠤᠨ ᠪᠦᠯᠬᠦᠮ ᠤᠨ ᠱᠠᠨ ᠱᠢ ᠵᠦᠴᠦᠭᠡ ᠶᠢᠨ ᠬᠦᠷᠢᠶᠡᠯᠡᠩ 10 ᠳ᠋ᠤᠭᠠᠷ ᠰᠠᠷ᠎ᠠ ᠶᠢᠨ 16 ᠤ ᠡᠳᠦᠷ᠂ | 17 ᠤ ᠡᠳᠦᠷ ᠤᠨ 19᠄ 30 ᠲᠤ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠢᠩᠬᠢᠮ ᠳᠤ ︽ | ᠵᠢᠱᠢᠶᠡᠴᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠤᠶ᠎ᠠ· ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠬᠦᠴᠦᠨ ᠨᠡᠮᠡᠷᠢᠯᠡᠶ᠎ᠡ︾ — ᠶᠠᠳᠠᠭᠤ ᠶᠢ ᠲᠡᠳᠬᠦᠬᠦ ᠣᠳᠣ ᠦᠶ᠎ᠡ ᠶᠢᠨ ᠱᠠᠨ ᠱᠢ ᠵᠦᠴᠦᠭᠡ ︽ᠦ᠋ | ᠬᠠᠨ ᠳ᠋ᠢᠩ︾ ᠢ ᠲᠣᠭᠯᠠᠬᠤ ᠪᠠᠷ ᠪᠣᠯᠵᠤ᠂ ᠲᠣᠭᠯᠠᠯᠲᠠ ᠶᠢᠨ ᠲᠠᠯᠠᠪᠠᠢ ᠳᠤ ᠦᠵᠡᠭᠴᠢᠳ ᠲᠤ ᠦᠳᠡᠰᠢ ᠪᠦᠷᠢ 50 | ᠬᠤᠪᠢ ᠠᠷᠠᠳ ᠤᠨ ᠠᠰᠢᠭ ᠬᠦᠷᠲᠡᠭᠡᠬᠦ ᠪᠢᠯᠧᠲ ᠬᠦᠷᠭᠡᠬᠦ ᠪᠣᠯᠣᠨ᠎ᠠ᠃ | ᠶᠠᠳᠠᠭᠤ ᠶᠢ ᠲᠡᠳᠬᠦᠬᠦ ᠣᠳᠣ ᠦᠶ᠎ᠡ ᠶᠢᠨ ᠱᠠᠨ ᠱᠢ ᠵᠦᠴᠦᠭᠡ ︽ᠦ᠋ ᠬᠠᠨ ᠳ᠋ᠢᠩ︾ ᠨᠢ ︽ᠪᠦᠬᠦ | ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾ ᠬᠥᠬᠡᠬᠤᠲᠠ ᠶᠢᠨ ᠴᠢᠩ ᠱᠦᠢ | ᠾᠧ ᠰᠢᠶᠠᠨ ᠤ ᠡᠪ ᠬᠠᠮᠲᠤ ᠨᠠᠮ ᠤᠨ ᠭᠡᠰᠢᠭᠦᠨ ᠦ᠋ ᠬᠠᠨ ᠳ᠋ᠢᠩ ᠤᠨ ᠲᠡᠷᠢᠭᠦᠨ ᠤ ᠦᠢᠯᠡ ᠠᠵᠢᠯᠯᠠᠭ᠎ᠠ ᠪᠠᠷ ᠳᠦᠷᠢ | ᠪᠦᠲᠦᠭᠡᠵᠦ᠂ ᠲᠡᠭᠦᠨ ᠤ ᠵᠢᠷᠠᠨ ᠵᠢᠯ ᠢ ᠨᠢᠭᠡ ᠡᠳᠦᠷ ᠮᠡᠲᠦ ᠪᠠᠷ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ | ᠲᠦᠮᠡᠨ ᠢ ᠬᠠᠪᠰᠤᠷᠴᠤ ᠲᠡᠮᠵᠢᠭᠰᠡᠨ ᠰᠡᠳᠬᠢᠯ ᠢ ᠲᠤᠭᠳᠤᠯᠤᠭᠤᠯᠤᠮ᠎ᠠ ᠦᠯᠢᠭᠡᠷ ᠢ ᠠᠮᠢᠳᠤᠯᠢᠭ ᠰᠠᠶᠢᠬᠠᠨ | ᠲᠣᠭᠯᠠᠵᠠᠢ᠃ |