︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠣᠶᠢᠷ᠎ᠠ ᠳᠤ ︽ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠴᠠᠭ ᠠᠭᠤᠷ ᠤᠨ ᠪᠠᠲᠤᠯᠠᠭ᠎ᠠ ᠵᠢᠨᠣᠶᠢᠯᠡᠴᠢᠯᠡᠭᠡᠨ ᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ︵2021 — 2023 ᠣᠨ︶︾ ︵ᠳᠣᠷᠣᠭᠰᠢ ︽ᠲᠥᠯᠥᠪᠯᠡᠭᠡ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠦ᠂ ᠴᠠᠭ ᠠᠭᠤᠷ ᠤᠨ ᠦᠢᠯᠡᠴᠢᠯᠡᠭᠡᠨ ᠤ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠠᠶᠤᠯᠭᠦᠶ ᠣᠶᠢᠯᠡᠳᠪᠣᠷᠢᠯᠡᠯ ᠢ ᠪᠠᠲᠤᠯᠠᠬᠤ᠂ ᠲᠠᠷᠢᠶᠠᠴᠢᠨ ᠮᠠᠯᠴᠢᠳ ᠤᠨ ᠭᠠᠷᠤᠯᠲᠠ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠴᠠᠭ ᠠᠭᠤᠷ ᠤᠨ ᠬᠦᠴᠦᠲᠠᠢ ᠣᠶᠢᠯᠡᠴᠢᠯᠡᠭᠡ | ᠬᠠᠩᠭᠠᠬᠤ ᠪᠠᠷ ᠪᠠᠶᠢᠨ᠎ᠠ ᠃ | ︽ᠲᠥᠯᠥᠪᠯᠡᠭᠡ︾ ᠳᠤ ᠢᠷᠡᠬᠦ ᠭᠤᠷᠪᠠᠨ ᠵᠢᠯ ᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠶᠢᠨ ᠲᠤᠭᠤᠷᠢᠨ ᠳᠠᠬᠢ ᠴᠠᠭ ᠠᠭᠤᠷ ᠤᠨ ᠦᠢᠯᠡᠴᠢᠯᠡᠭᠡ ᠶᠢ | ᠪᠠᠲᠤᠯᠠᠬᠤ ᠡᠭᠦᠷᠭᠡ ᠶᠢ ᠲᠣᠳᠣᠷᠬᠠᠢ ᠲᠣᠭᠳᠠᠭᠠᠠᠪᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠰᠠᠯᠠᠭ᠎ᠠ | ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠡᠭᠦᠳᠦᠭᠰᠡᠨ ᠡᠷᠳᠡᠨᠢ ᠰᠢᠰᠢ᠂ ᠪᠤᠭᠤᠳᠠᠢ᠂ | ᠲᠥᠮᠥᠰᠥ᠂ ᠢᠳᠡᠰᠢᠨ ᠬᠤᠨᠢ᠂ ᠢᠳᠡᠰᠢᠨ ᠦᠬᠡᠷ ᠵᠡᠷᠭᠡ 15 ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠪᠠᠷ ᠭᠤᠤᠯᠯᠠᠭᠤᠯᠤᠨ᠂ ᠲᠠᠷᠢᠶᠠᠯᠠᠩ ᠮᠠᠯ ᠠᠵᠤ | ᠠᠬᠤᠢ ᠶᠢᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠶᠢᠨ ᠰᠦᠯᠵᠢᠶ᠎ᠡ ᠶᠢ ᠰᠢᠯᠢᠳᠡᠭᠵᠢᠭᠦᠯᠥᠨ ᠲᠡᠭᠦᠯᠳᠡᠷᠵᠢᠭᠦᠯᠵᠦ | ᠂ ᠮᠠᠯᠵᠢᠬᠤ ᠲᠠᠷᠢᠶᠠᠯᠠᠬᠤ ᠣᠷᠣᠨ ᠤ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ | ᠦᠢᠯᠡᠴᠢᠯᠡᠭᠡᠨ ᠤ ᠬᠠᠨᠳᠣᠯᠭᠠᠳᠣ ᠴᠢᠨᠠᠷ ᠢ ᠳᠡᠭᠡᠭᠰᠢᠯᠡᠭᠦᠯᠵᠦ᠂ ᠬᠦᠨᠳᠦ ᠶᠡᠭᠡ ᠴᠠᠭ ᠠᠭᠤᠷ ᠤᠨ ᠭᠠᠮᠰᠢᠭ ᠢ | ᠤᠷᠢᠳᠴᠢᠯᠠᠨ ᠰᠡᠷᠡᠮᠵᠢᠯᠡᠭᠦᠯᠵᠦ ᠳᠠᠮᠵᠢᠭᠤᠯᠤᠨ ᠲᠠᠷᠬᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠨᠠᠶᠢᠳᠡᠮ ᠪᠠᠶᠢᠴᠠᠭᠠᠯᠲᠠ ᠶᠢ ᠥᠷᠨᠢᠭᠦᠯᠵᠦ | ᠂ ᠦᠨᠳᠦᠰᠦᠨ ᠱᠠᠲᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ︽ᠨᠢᠭᠡᠳᠦᠭᠡᠷ | ᠰᠡᠷᠬᠡᠶᠢᠯᠡᠯᠳᠡ ᠶᠢᠨ ᠱᠤᠭᠤᠮ︾ ᠢ ᠪᠠᠲᠤ ᠪᠠᠬᠢ ᠪᠠᠶᠢᠭᠤᠯᠤᠨ᠎ᠠ᠃ ᠬᠡᠷᠡᠭᠯᠡᠭᠴᠢ ᠶᠢᠨ ᠦᠢᠯᠡ ᠠᠵᠢᠯᠯᠠᠭ᠎ᠠ ᠶᠢᠨ | ᠵᠠᠳᠠᠯᠤᠯᠲᠠ ᠪᠤᠶᠤ ᠬᠡᠷᠡᠭᠯᠡᠭᠴᠢ ᠪᠠᠷ ᠳᠠᠮᠵᠢᠭᠤᠯᠤᠨ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠤᠯ ᠴᠣᠭᠴᠠ ᠪᠣᠯᠬᠤ ᠲᠠᠷᠢᠶᠠᠯᠠᠩ ᠮᠠᠯ ᠠᠵᠤ ᠠᠬᠤᠢ ᠶᠢᠨ ᠣᠶᠢᠯᠡᠳᠪᠣᠷᠢᠯᠡᠯ ᠤᠨ ᠲᠤᠭ᠎ᠠ | ᠪᠠᠷᠢᠮᠲᠠ ᠯᠤᠭ᠎ᠠ ᠠᠭᠤᠰᠤᠯᠴᠠᠭᠰᠠᠨ ᠥᠪᠡᠷᠮᠢᠴᠡ᠂ ᠣᠶᠤᠨᠴᠢ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠴᠠᠭ | ᠠᠭᠤᠷ ᠤᠨ ᠣᠶᠢᠯᠡᠴᠢᠯᠡᠭᠡᠨ ᠢ ᠪᠡᠶᠡᠯᠡᠬᠦᠯᠵᠣ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠠᠭ | ᠠᠭᠤᠷ ᠤᠨ ᠣᠶᠢᠯᠡᠴᠢᠯᠡᠭᠡᠨ ᠤ ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠠᠭᠤᠷ ᠠᠮᠢᠰᠬᠤᠯ ᠳᠤ ᠲᠤᠬᠢᠷᠠᠬᠤ ᠪᠦᠲᠣᠭᠡᠭᠳᠡᠬᠦᠨ | ︾ ᠢ ᠦᠨᠡᠯᠡᠵᠦ ᠪᠠᠲᠤᠯᠠᠬᠤ ᠠᠵᠢᠯ ᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ | ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠣᠭᠡᠭᠳᠡᠬᠦᠨ ᠤ ᠨᠡᠷᠡᠲᠦ ᠲᠡᠮᠳᠡᠭᠲᠦ ᠶᠢᠨ ᠦᠢᠯᠡᠳᠦᠯ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤ ᠠᠷᠪᠢᠯᠠᠬᠤ ᠂ ᠲᠡᠵᠢᠭᠡᠯ ᠡᠪᠡᠰᠦ ᠶᠢ ᠡᠭᠡᠯᠵᠢᠯᠡᠨ ᠬᠠᠳᠤᠬᠤ᠂ | ᠪᠤᠭᠤᠳᠠᠢ ᠬᠤᠷᠢᠶᠠᠭᠰᠠᠨ ᠠᠴᠠ ᠰᠡᠭᠦᠯᠡᠷ ᠨᠡᠷᠡᠨ ᠬᠤᠸᠠᠷ ᠰᠢᠯᠵᠢᠭᠦᠯᠦᠨ ᠵᠠᠶᠢᠯᠠᠬᠤ ᠵᠡᠷᠭᠡ ᠲᠠᠷᠢᠶᠠᠯᠠᠩ ᠮᠠᠯ ᠠᠵᠤ | ᠠᠬᠤᠢ ᠶᠢᠨ ᠴᠠᠭ ᠠᠭᠤᠷ ᠤᠨ ᠬᠡᠷᠡᠭᠯᠡᠭᠡᠨ ᠤ ᠮᠡᠷᠭᠡᠵᠢᠯ ᠢ ᠵᠢᠱᠢᠶ᠎ᠡ ᠦᠵᠡᠬᠦᠯᠣᠨ ᠳᠡᠯᠭᠡᠷᠡᠭᠦᠯᠦᠨ᠎ᠡ᠃ ᠲᠠᠷᠢᠶᠠᠯᠠᠩ | ᠮᠠᠯ ᠠᠵᠤ ᠠᠬᠤᠢ ᠶᠢᠨ ᠣᠨᠴᠠᠯᠢᠭᠲᠤ ᠴᠠᠭ ᠠᠭᠤᠷ ᠤᠨ ᠣᠶᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠪᠤᠢ | ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠳᠤ ᠴᠢᠨᠠᠷ ᠰᠠᠶᠢᠲᠠᠢ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃ ︵ᠰᠤᠷᠪᠤᠯᠵᠢᠯᠠᠭᠴᠢ ᠮᠢᠶᠣᠣ ᠴᠢᠩ | ︶ | http://mongol.people.com.cn/15826504.html |