ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠤ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠤᠨᠠᠳᠠᠭ ᠡᠪᠡᠳᠴᠢᠨ ᠲᠠᠢ 200 ᠬᠡᠤᠬᠡᠳ ᠲᠤ ᠰᠦᠢᠳᠭᠡᠯ ᠥᠬᠡᠶ ᠪᠠᠷ WES ᠪᠠᠶᠢᠴᠠᠭᠠᠯᠲᠡ ᠬᠢᠨ᠎ᠡ
ᠨᠡᠶᠢᠲᠡᠯᠡᠭᠰᠡᠨ ᠴᠠᠭ᠄
2020/10/14
    ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠠᠴᠠ ᠣᠶᠢᠯᠠᠭᠠᠭᠰᠠᠨ ᠢᠶᠠᠷ᠂ ᠡᠨᠡ ᠡᠳᠦᠷ ᠠᠴᠠ ᠡᠬᠢᠯᠡᠨ ᠡᠨᠡ ᠵᠢᠯ ᠤᠨ 12 ᠰᠠᠷ᠎ᠠ ᠶᠢᠨ 31 ᠤ ᠡᠳᠦᠷ ᠪᠣᠯᠲᠠᠯ᠎ᠠ᠂ ᠲᠣᠰ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠣᠷᠣᠨ ᠠᠴᠠ ᠤᠳᠤᠮᠰᠢᠯ ᠤᠨ ᠴᠢᠨᠠᠷᠲᠠᠶ ᠤᠨᠠᠳᠠᠭ ᠡᠪᠡᠳᠴᠢᠨ ᠲᠠᠢ  200 ᠬᠡᠤᠬᠡᠳ ᠢ ᠴᠤᠭᠯᠠᠭᠤᠯᠤᠨ ᠡᠮᠴᠢᠯᠡᠬᠦ  ᠪᠦᠭᠡᠳ ᠰᠦᠢᠳᠭᠡᠯ ᠬᠤᠷᠢᠶᠠᠬᠤ ᠥᠬᠡᠶ ᠪᠠᠷ WES ᠰᠢᠯᠭᠠᠨ ᠪᠠᠶᠢᠴᠠᠭᠠᠯᠲᠠ ᠬᠢᠨ᠎ᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ  ᠴᠤᠭᠯᠠᠭ᠎ᠠ ᠡᠮᠴᠢᠯᠡᠭᠡ ᠪᠣᠯ ᠤᠨᠠᠳᠠᠭ ᠡᠪᠡᠳᠴᠢᠨ ᠲᠠᠢ ᠬᠡᠤᠬᠡᠳ ᠤᠨ ᠡᠪᠡᠳᠴᠢᠨ ᠤ ᠰᠢᠯᠲᠠᠭᠠᠨ ᠤ ᠤᠨᠤᠰᠢᠯᠠᠯᠲᠠ ᠶᠢ ᠠᠬᠢᠭᠤᠯᠬᠤ ᠶᠢᠨ ᠲᠥᠯᠥᠭᠡ ᠶᠤᠮ᠃ ᠲᠣᠰ ᠡᠮᠨᠡᠯᠭᠡ ᠶᠢᠨ ᠬᠤᠷᠢᠶ᠎ᠠ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠪᠦᠷᠢᠨ ᠢᠯᠡᠷᠡᠭᠦᠯᠦᠭᠴᠢ ᠰᠢᠯᠭᠠᠨ ᠬᠡᠮᠵᠢᠯᠲᠡ ᠶᠢᠨ ᠮᠡᠷᠭᠡᠵᠢᠯ ︵WES︶ ᠢ ᠬᠡᠷᠡᠭᠯᠡᠨ ᠤᠳᠤᠮᠰᠢᠯ ᠤᠨ ᠴᠢᠨᠠᠷᠲᠠᠢ ᠤᠨᠠᠳᠠᠭ ᠡᠪᠡᠳᠴᠢᠨ ᠡᠭᠦᠰᠭᠡᠬᠦ ᠭᠧᠨ ᠢ ᠰᠤᠳᠤᠯᠵᠦ᠂ ᠭᠧᠨ ᠤ ᠳᠠᠪᠬᠤᠷᠭ᠎ᠠ ᠶᠢᠨ ᠰᠢᠰᠲ᠋ᠧᠮ ᠠᠴᠠ ᠤᠳᠤᠮᠰᠢᠯ ᠤᠨ ᠴᠢᠨᠠᠷᠲᠠᠶ ᠤᠨᠠᠳᠠᠭ ᠡᠪᠡᠳᠴᠢᠨ ᠢ ᠪᠠᠶᠢᠴᠠᠭᠠᠵᠤ᠂  ᠭᠧᠨ ᠤ ᠰᠢᠨ᠎ᠡ ᠤᠨᠤᠰᠢ ᠴᠡᠭ ᠢ ᠢᠯᠡᠷᠡᠭᠦᠯᠵᠦ᠂ ᠬᠡᠤᠬᠡᠳ ᠤᠨ ᠤᠨᠠᠳᠠᠭ ᠡᠪᠡᠳᠴᠢᠨ ᠤ ᠰᠤᠳᠤᠯᠤᠯ ᠳᠤ ᠣᠨᠣᠯ ᠤᠨ ᠰᠠᠭᠤᠷᠢ ᠬᠠᠩᠭᠠᠵᠦ᠂ ᠡᠪᠡᠳᠴᠢᠨ ᠡᠮᠭᠡᠭ ᠢ ᠣᠨᠣᠰᠢᠯᠠᠬᠤ᠂ ᠡᠮᠨᠡᠨ ᠵᠠᠰᠠᠬᠤ ᠪᠠ ᠤᠷᠢᠳᠴᠢᠯᠠᠨ ᠰᠡᠷᠭᠡᠶᠢᠯᠡᠬᠦ ᠶᠢ  ᠠᠬᠢᠭᠤᠯᠬᠤ ᠪᠠᠷ ᠪᠠᠶᠢᠭ᠎ᠠ ᠶᠤᠮ᠃ ᠡᠭᠦᠨ ᠤ ᠬᠠᠮᠲᠤ᠂ ᠥᠪᠥᠷ ᠮᠣᠩᠭᠤᠯ ᠣᠷᠣᠨ ᠤ ᠤᠨᠠᠳᠠᠭ ᠡᠪᠡᠳᠴᠢᠨ ᠤ ᠬᠤᠪᠢᠰᠤᠯ ᠤᠨ ᠳ᠋ᠠᠶᠢᠲ᠋ᠠ ᠬᠥᠮᠥᠷᠭᠡ ᠶᠢ ᠭᠠᠷᠳᠠᠨ ᠪᠠᠶᠢᠭᠤᠯᠵᠤ᠂ ᠭᠦᠨᠵᠡᠭᠡᠢ ᠰᠤᠳᠤᠯᠬᠤ ᠳᠤ ᠰᠠᠭᠤᠷᠢ ᠲᠠᠯᠪᠢᠬᠤ ᠪᠤᠯᠤᠨ᠎ᠠ᠃  ᠡᠨᠡ ᠨᠢ ᠡᠪᠡᠳᠴᠢᠨ ᠤ ᠰᠢᠯᠲᠠᠭᠠᠨ ᠲᠣᠳᠣ ᠦᠭᠡᠢ ᠭᠡᠷ ᠪᠦᠯᠢ ᠶᠢᠨ ᠴᠢᠨᠠᠷᠲᠠᠢ ᠤᠨᠠᠳᠠᠭ ᠡᠪᠡᠳᠴᠢᠨ ᠤ ᠰᠢᠯᠲᠠᠭᠠ   ᠶᠢ ᠡᠷᠢᠵᠦ ᠤᠯᠤᠨ᠂ ᠣᠨᠣᠰᠢᠯᠠᠬᠤ ᠦᠨᠳᠦᠰᠦᠯᠡᠯ ᠬᠠᠩᠭᠠᠵᠤ᠂ ᠡᠷ᠎ᠡ ᠡᠮ᠎ᠡ ᠬᠤᠶᠠᠭᠤᠯᠠ ᠶᠢᠨ ᠳᠠᠷᠠᠭ᠎ᠠ ᠨᠢᠭᠡ ᠬᠡᠤᠬᠡᠳ ᠠᠪᠬᠤ ᠳᠤ ᠵᠢᠯᠤᠭᠤᠳᠤᠯᠭ᠎ᠠ ᠬᠠᠩᠭᠠᠬᠤ ᠪᠤᠯᠤᠨ᠎ᠠ᠃ ᠲᠤᠰ ᠵᠦᠢᠯ ᠤᠨ ᠰᠤᠳᠤᠯᠭᠠᠨ ᠳᠠᠬᠢ  ᠲᠠᠩ ᠭᠧᠨ  ᠳᠤ ᠬᠤᠯᠪᠤᠭᠳᠠᠬᠤ ᠤᠨᠠᠳᠠᠭ ᠡᠪᠡᠳᠴᠢᠨ ᠳᠤ ᠭᠤᠣᠯᠳᠠᠭᠤ ᠳᠣᠣᠷᠠᠬᠢ  ᠲᠠᠪᠤᠨ ᠵᠦᠢᠯ ᠤᠨ ᠤᠨᠠᠳᠠᠭ ᠡᠪᠡᠳᠴᠢᠨ ᠪᠠᠭᠲᠠᠨ᠎ᠠ᠄ ᠳᠤᠮᠳᠠ ᠴᠢᠮᠠᠷᠬᠠᠢ ᠶᠢᠨ ᠠᠷᠤ ᠳᠣᠯᠭᠢᠶᠠᠨ ᠤ ᠭᠤᠯᠣᠮᠲᠠ ᠳᠠᠭᠠᠭᠰᠠᠨ ᠬᠤᠤᠷ ᠦᠭᠡᠢ ᠴᠢᠨᠠᠷᠲᠠᠢ ᠬᠡᠦᠬᠡᠳ ᠤᠨ ᠤᠨᠠᠳᠠᠭ ᠡᠪᠡᠳᠴᠢᠨ᠂  ᠨᠢᠯᠬ᠎ᠠ ᠬᠡᠦᠬᠡᠳ ᠤᠨ ᠬᠤᠤᠷ ᠦᠭᠡᠢ ᠴᠢᠨᠠᠷᠲᠠᠢ ᠤᠨᠠᠳᠠᠭ ᠡᠪᠡᠳᠴᠢᠨ᠂ ᠬᠡᠦᠬᠡᠳ ᠤᠨ ᠪᠤᠯᠴᠢᠩ ᠲᠠᠲᠠᠬᠤ  ᠴᠢᠨᠠᠷᠲᠠᠢ ᠤᠨᠠᠳᠠᠭ ᠡᠪᠡᠳᠴᠢᠨ᠂ ᠨᠢᠷᠠᠢ ᠬᠡᠦᠬᠡᠳ ᠤᠨ ᠰᠤᠴᠢᠨ ᠮᠠᠨᠠᠷᠠᠬᠤ ᠪᠠ ᠡᠷᠲᠡ ᠡᠭᠦᠰᠦᠯ ᠤᠨ ᠤᠨᠠᠳᠠᠭ ᠡᠪᠡᠳᠴᠢᠨ ᠤ ᠴᠢᠨᠠᠷᠲᠠᠢ ᠲᠠᠷᠢᠬᠢᠨ ᠡᠪᠡᠳᠴᠢᠨ ᠵᠡᠷᠭᠡ ᠪᠣᠯᠤᠨ᠎ᠠ᠃    ᠳᠣᠤᠷᠠᠬᠢ ᠨᠥᠬᠦᠴᠡᠯ ᠳᠤ ᠨᠡᠶᠢᠴᠡᠪᠡᠯ ᠴᠥᠮ ᠨᠡᠷ᠎ᠡ ᠮᠡᠳᠡᠭᠦᠯᠵᠦ ᠪᠣᠯᠤᠨ᠎ᠠ᠄ 0 — 18 ᠨᠠᠰᠤ︔ ᠰᠤᠳᠤᠯᠭᠠᠨ ᠤ ᠬᠦᠷᠢᠶ᠎ᠡ ᠬᠡᠪᠴᠢᠶ᠎ᠡ ᠳᠤ ᠲᠤᠲᠤᠷᠬᠠᠶᠢᠯᠠᠭᠳᠠᠭᠰᠠᠨ ᠤᠨᠠᠳᠠᠭ ᠡᠪᠡᠳᠴᠢᠲᠡᠨ︔ ᠰᠢᠯᠲᠠᠭᠠᠨ ᠨᠢ ᠲᠣᠳᠣᠷᠬᠠᠢ ᠦᠭᠡᠢ ᠤᠵᠢᠭ ᠴᠢᠨᠠᠷᠲᠠᠢ ᠤᠨᠠᠳᠠᠭ ᠡᠪᠡᠳᠴᠢᠲᠡᠨ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠤ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠶᠢᠨ ᠬᠡᠤᠬᠡᠳ ᠤᠨ ᠳᠣᠲᠣᠷ ᠰᠠᠯᠠᠭᠠᠨ ᠤ ᠲᠤᠰᠬᠠᠶ ᠮᠡᠷᠭᠡᠵᠢᠯᠲᠡᠨ ᠤᠨᠤᠰᠢᠯᠠᠭᠰᠠᠨ ᠪᠤᠯ ᠰᠢᠭᠤᠳ ᠳᠤᠭᠤᠶᠢᠯᠠᠩ ᠳᠤ ᠣᠷᠣᠵᠤ ᠪᠣᠯᠤᠨ᠎ᠠ︔ ᠦᠭᠡᠷ᠎ᠡ ᠡᠮᠨᠡᠯᠭᠡ ᠳᠤ ᠣᠨᠣᠰᠢᠯᠠᠭᠰᠠᠨ ᠤᠨᠠᠳᠠᠭ ᠡᠪᠡᠳᠴᠢᠲᠡᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠤ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠳᠣᠲᠣᠷ ᠰᠠᠯᠠᠭᠠᠨ ᠤ ᠲᠤᠰᠬᠠᠢ ᠮᠡᠷᠭᠡᠵᠢᠯᠲᠡᠨ ᠢᠶᠠᠷ ᠤᠨᠤᠰᠢᠯᠠᠭᠤᠯᠤᠭᠰᠠᠨ ᠤ ᠳᠠᠷᠠᠭ᠎ᠠ ᠳᠤᠭᠤᠶᠢᠯᠠᠩ ᠳᠤ ᠤᠷᠤᠵᠦ ᠪᠤᠯᠤᠨ᠎ᠠ᠃ ᠤᠳᠤᠮᠰᠢᠯ ᠤᠨ ᠪᠤᠰᠤ ᠡᠪᠡᠳᠴᠢᠨ ᠤ ᠰᠢᠯᠲᠠᠭᠠᠨ ᠠᠴᠠ ᠪᠣᠯᠤᠭᠰᠠᠨ ᠤᠨᠠᠳᠠᠭ ᠡᠪᠡᠳᠴᠢᠨ ᠢ ᠪᠠᠭᠲᠠᠭᠠᠬᠤ ᠦᠭᠡᠢ᠃ ᠵᠢᠱᠢᠶᠡᠯᠡᠪᠡᠯ ᠲᠠᠷᠢᠬᠢᠨ ᠤ ᠭᠠᠳᠠᠷ ᠰᠢᠷᠬ᠎ᠠ᠂ ᠲᠠᠷᠢᠬᠢᠨ ᠤ ᠦᠷᠪᠢᠰᠦᠯ ᠵᠡᠷᠭᠡ᠃ ᠤᠨᠠᠳᠠᠭ ᠡᠪᠡᠳᠴᠢᠨ ᠤ ᠢᠯᠡᠷᠡᠯ ᠲᠠᠢ ᠪᠠᠶᠢᠭᠠᠳ ᠤᠨᠤᠰᠢᠯᠠᠭᠠᠳᠤᠢ ᠡᠪᠡᠳᠴᠢᠲᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠳᠣᠲᠣᠷ ᠰᠠᠯᠠᠭᠠᠨ ᠤ ᠡᠭᠦᠳᠡᠨ ᠡᠮᠨᠡᠯᠭᠡ ᠳᠤ ᠡᠮᠨᠡᠭᠦᠯᠦᠨ᠂ ᠬᠤᠯᠪᠣᠭᠳᠠᠯ ᠪᠦᠬᠦᠢ ᠪᠠᠶᠢᠴᠠᠭᠠᠯᠲᠠ ᠬᠢᠵᠦ  ᠣᠨᠣᠰᠢᠯᠠᠨ᠎ᠠ᠃ ᠨᠢᠭᠡᠨᠲᠡ ᠣᠨᠣᠰᠢᠯᠠᠭᠰᠠᠨ ᠡᠪᠡᠳᠴᠢᠲᠡᠨ᠂ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠤ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠶᠢᠨ ᠬᠡᠤᠬᠡᠳ ᠤᠨ ᠳᠣᠲᠣᠷ ᠰᠠᠯᠠᠭᠠᠨ ᠤ ᠡᠭᠦᠳᠡᠨ ᠡᠮᠨᠡᠯᠭᠡ ᠳᠤ ᠳ᠋ᠤᠭᠠᠷᠯᠠᠵᠤ ᠠᠰᠠᠭᠤᠨ ᠯᠠᠪᠯᠠᠭᠰᠠᠨ ᠴᠦ ᠪᠤᠯᠤᠨ᠎ᠠ᠃ ᠬᠡᠷᠪᠡ ᠠᠰᠠᠭᠤᠨ ᠯᠠᠪᠯᠠᠬᠤ ᠴᠢᠬᠤᠯᠠ ᠲᠠᠢ ᠪᠣᠯ ᠤᠲᠠᠰᠤ ᠠᠪᠴᠤ ᠪᠣᠯᠤᠨ᠎ᠠ᠄  0471-6357704᠂ 6357707   ᠭᠠᠷᠠᠭ ᠤᠨ ᠨᠢᠭᠡᠨ ᠠᠴᠠ ᠭᠠᠷᠠᠭ ᠤᠨ ᠲᠠᠪᠤᠨ  8᠄ 00 — 12᠄ 00᠂ 14᠄ 30 — 17᠄ 00᠃   ︵ᠰᠤᠷᠪᠤᠯᠵᠢᠯᠠᠭᠴᠢ ᠯᠢᠶᠠᠩ ᠵᠢᠩ ᠮᠧᠶ︶http://mongol.people.com.cn/15826474.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号