ᠶᠠᠳᠠᠭᠤ ᠶᠢ ᠲᠡᠳᠬᠦᠬᠦ ᠣᠳᠣ ᠦᠶ᠎ᠡ ᠶᠢᠨ ᠱᠠᠨ ᠱᠢ ᠵᠦᠴᠦᠭᠡ ︽ᠦ᠋ ᠬᠠᠨ ᠳ᠋ᠢᠩ︾ ᠢ ᠤᠳᠠᠯ ᠦᠭᠡᠢ ᠲᠣᠭᠯᠠᠬᠤ ᠪᠠᠷ ᠪᠣᠢ
ᠨᠡᠶᠢᠲᠡᠯᠡᠭᠰᠡᠨ ᠴᠠᠭ᠄
2020/10/14
       ︵ᠰᠤᠷᠪᠤᠯᠵᠢᠯᠠᠭᠴᠢ ᠮᠢᠶᠥᠥ ᠴᠢᠩ︶ 10 ᠳ᠋ᠤᠭᠠᠷ ᠰᠠᠷ᠎ᠠ ᠶᠢᠨ 17 ᠤ ᠡᠳᠦᠷ ᠪᠣᠯ ᠮᠠᠨ ᠤ ᠤᠯᠤᠰ ᠤᠨ  ᠲᠤᠯᠤᠭᠠᠳᠡᠬᠢ ᠶᠠᠳᠠᠭᠤ ᠶᠢ ᠲᠡᠳᠬᠦᠬᠦ ᠡᠳᠦᠷ ᠪᠣᠯᠣᠨ᠎ᠠ᠂ ᠬᠥᠬᠡᠬᠤᠲᠠ ᠶᠢᠨ ᠦᠨᠳᠦᠰᠦᠲᠡᠨ ᠤ ᠲᠣᠭᠯᠠᠯᠲᠠ ᠤᠷᠠᠯᠢᠭ ᠤᠨ ᠪᠦᠯᠬᠦᠮ ᠤᠨ ᠱᠠᠨ ᠱᠢ ᠵᠦᠴᠦᠭᠡ ᠶᠢᠨ ᠬᠦᠷᠢᠶᠡᠯᠡᠩ 10 ᠳ᠋ᠤᠭᠠᠷ ᠰᠠᠷ᠎ᠠ ᠶᠢᠨ 16 ᠤ ᠡᠳᠦᠷ᠂ 17 ᠤ ᠡᠳᠦᠷ ᠤᠨ 19᠄ 30 ᠲᠤ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠢᠩᠬᠢᠮ ᠳᠤ ︽ᠵᠢᠱᠢᠶᠡᠴᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠤᠶ᠎ᠠ· ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠶ᠎ᠡ︾ — ᠶᠠᠳᠠᠭᠤ ᠶᠢ ᠲᠡᠳᠬᠦᠬᠦ ᠣᠳᠣ ᠦᠶ᠎ᠡ ᠶᠢᠨ ᠱᠠᠨ ᠱᠢ ᠵᠦᠴᠦᠭᠡ ︽ᠦ᠋ ᠬᠠᠨ ᠳ᠋ᠢᠩ︾ ᠢ ᠲᠣᠭᠯᠠᠬᠤ ᠪᠠᠷ ᠪᠣᠯᠵᠤ᠂ ᠲᠣᠭᠯᠠᠯᠲᠠ ᠶᠢᠨ ᠲᠠᠯᠠᠪᠠᠢ ᠳᠤ ᠦᠵᠡᠭᠴᠢᠳ ᠲᠤ ᠦᠳᠡᠰᠢ ᠪᠦᠷᠢ 50 ᠬᠤᠪᠢ ᠠᠷᠠᠳ ᠤᠨ ᠠᠰᠢᠭ ᠬᠦᠷᠲᠡᠭᠡᠬᠦ ᠪᠢᠯᠧᠲ ᠬᠦᠷᠭᠡᠬᠦ ᠪᠣᠯᠣᠨ᠎ᠠ᠃      ᠶᠠᠳᠠᠭᠤ ᠶᠢ ᠲᠡᠳᠬᠦᠬᠦ ᠣᠳᠣ ᠦᠶ᠎ᠡ ᠶᠢᠨ ᠱᠠᠨ ᠱᠢ ᠵᠦᠴᠦᠭᠡ ︽ᠦ᠋ ᠬᠠᠨ ᠳ᠋ᠢᠩ︾ ᠨᠢ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾ ᠬᠥᠬᠡᠬᠤᠲᠠ ᠶᠢᠨ ᠴᠢᠩ ᠱᠦᠢ ᠾᠧ ᠰᠢᠶᠠᠨ ᠤ ᠡᠪ ᠬᠠᠮᠲᠤ ᠨᠠᠮ ᠤᠨ ᠭᠡᠰᠢᠭᠦᠨ ᠦ᠋ ᠬᠠᠨ ᠳ᠋ᠢᠩ ᠤᠨ ᠲᠡᠷᠢᠭᠦᠨ ᠤ ᠦᠢᠯᠡ ᠠᠵᠢᠯᠯᠠᠭ᠎ᠠ ᠪᠠᠷ ᠳᠦᠷᠢ ᠪᠦᠲᠦᠭᠡᠵᠦ᠂ ᠲᠡᠭᠦᠨ ᠤ ᠵᠢᠷᠠᠨ ᠵᠢᠯ ᠢ ᠨᠢᠭᠡ ᠡᠳᠦᠷ ᠮᠡᠲᠦ ᠪᠠᠷ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠢ  ᠬᠠᠪᠰᠤᠷᠴᠤ ᠲᠡᠮᠵᠢᠭᠰᠡᠨ  ᠰᠡᠳᠬᠢᠯ ᠢ ᠲᠤᠭᠳᠤᠯᠤᠭᠤᠯᠤᠮ᠎ᠠ ᠦᠯᠢᠭᠡᠷ ᠢ ᠠᠮᠢᠳᠤᠯᠢᠭ ᠰᠠᠶᠢᠬᠠᠨ ᠲᠣᠭᠯᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ