︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/10/14
ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ      ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤᠨ ᠤ ᠬᠤᠳᠠᠯᠳᠤᠭᠠᠴᠢᠨ ᠤᠷᠢᠵᠤ ᠪᠠᠯᠠ ᠲᠠᠲᠠᠬᠤ︾ ︵ᠳᠣᠷᠣᠭᠰᠢ ︽ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠬᠠᠮᠲᠤᠷᠠᠨ ᠳᠠᠷᠤᠮᠠᠯᠯᠠᠨ ᠲᠠᠷᠬᠠᠭᠠᠪᠠ᠃      ● ᠨᠡᠶᠢᠲᠡᠯᠡᠭᠰᠡᠨ ᠠᠬᠤᠶ ᠪᠠᠶᠢᠳᠠᠯ      ᠮᠥᠩᠭᠦᠨ ᠭᠦᠢᠯᠭᠡᠭᠡᠨ ᠤ ᠵᠢᠵᠢᠭ ᠪᠠᠯᠭᠠᠰᠤ ᠪᠣᠯ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠤᠷᠢᠳ ᠢᠶᠠᠷ ᠡᠬᠢᠯᠡᠭᠦᠯᠦᠭᠰᠡᠨ ᠭᠤᠤᠯᠳᠠᠯᠭ᠎ᠠ ᠲᠠᠢ ᠠᠵᠤ ᠦᠢᠯᠡᠰ ᠤᠨ ᠲᠠᠪᠴᠠᠩ ᠤᠨ ᠲᠥᠷᠥᠯ ᠵᠦᠢᠯ ᠪᠣᠯᠤᠨ᠎ᠠ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠴᠢᠳᠠᠪᠤᠷᠢ ᠶᠢ ᠴᠢᠩᠭᠠᠷᠠᠭᠤᠯᠬᠤ ᠪᠠᠷ ᠬᠠᠷᠠᠯᠲᠠ ᠪᠣᠯᠭᠠᠵᠤ᠂ ᠪᠦᠷᠢᠨ ᠲᠡᠭᠦᠯᠳᠡᠷ ᠮᠥᠩᠭᠦᠨ ᠭᠦᠢᠯᠭᠡᠭᠡᠨ ᠤ ᠦᠢᠯᠡᠰ ᠤᠨ ᠠᠮᠢ ᠠᠬᠤᠶ ᠶᠢᠨ ᠬᠦᠷᠢᠶ᠎ᠡ ᠶᠢ ᠪᠠᠶᠢᠭᠤᠯᠬᠤ ᠪᠠᠷ ᠠᠷᠭ᠎ᠠ ᠪᠠᠷᠢᠯ ᠪᠣᠯᠭᠠᠨ᠂ ︽ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠠᠵᠤ ᠠᠬᠤᠶᠢᠯᠠᠯ ᠭᠤᠤᠯ ᠴᠣᠭᠴᠠ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ︾ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠡᠷᠡᠭᠯᠡᠵᠦ᠂ ᠣᠷᠣᠨ ᠪᠦᠰᠡ ᠶᠢᠨ ᠴᠢᠨᠠᠷ ᠢᠶᠠᠷ ᠲᠡᠷᠢᠭᠦᠨ ᠤ᠂ ᠴᠢᠳᠠᠮᠵᠢ ᠪᠠᠷ ᠪᠦᠷᠢᠨ ᠲᠡᠭᠦᠯᠳᠡᠷ ᠮᠥᠩᠭᠦᠨ ᠭᠦᠢᠯᠭᠡᠭᠡᠨ ᠤ ᠦᠢᠯᠡᠰ ᠤᠨ ᠲᠥᠪᠯᠡᠷᠡᠯ ᠤᠨ ᠣᠷᠣᠨ ᠢ ᠴᠣᠭᠴᠠᠯᠠᠨ ᠪᠠᠶᠢᠭᠤᠯᠤᠨ᠎ᠠ᠃      2017 ᠣᠨ ᠤ 11 ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠲᠤᠷᠠᠨ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤᠨ ᠤ ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠪᠠ᠃ ᠲᠣᠰ ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠦᠭᠰᠡᠨ ᠬᠤᠶᠠᠷ ᠵᠢᠯ ᠠᠴᠠ ᠨᠠᠭᠠᠰᠢ᠂ ᠮᠥᠩᠭᠦᠨ ᠭᠦᠢᠯᠭᠡᠭᠡᠨ ᠤ ᠵᠢᠵᠢᠭ ᠪᠠᠯᠭᠠᠰᠤ ᠳᠤ ᠬᠦᠴᠦᠨ ᠨᠡᠮᠡᠷᠢᠯᠡᠵᠦ ᠬᠤᠳᠠᠯᠳᠤᠭᠠᠴᠢᠨ ᠤᠷᠢᠵᠤ ᠪᠡᠯᠡ ᠲᠠᠲᠠᠬᠤ ᠰᠠᠶᠢᠨ ᠦᠷ᠎ᠡ ᠪᠦᠲᠦᠮᠵᠢ ᠤᠯᠵᠤ᠂ ᠣᠷᠣᠵᠤ ᠰᠠᠭᠤᠬᠤ ᠪᠠᠶᠢᠭᠤᠯᠤᠮᠵᠢ ᠶᠢᠨ ᠨᠢᠭᠡᠳᠦᠯᠲᠡᠢ ᠵᠦᠪᠰᠢᠶᠡᠷᠡᠯ ᠢ ᠤᠯᠵᠠᠢ᠂ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠥᠷᠥ ᠶᠢᠨ ᠪᠣᠳᠣᠯᠭ᠎ᠠ ᠶᠢᠨ ᠲᠤᠷᠰᠢᠨ ᠬᠡᠷᠡᠭᠵᠢᠭᠦᠯᠬᠦ ᠬᠤᠭᠤᠴᠠᠭᠠᠨ ᠤ ᠪᠠᠶᠢᠳᠠᠯ ᠢ ᠦᠨᠳᠦᠰᠦᠯᠡᠨ᠂ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠳᠦᠭᠡ ᠳᠠᠬᠢᠨᠲᠠ ᠨᠡᠶᠢᠲᠡᠯᠡᠪᠡ᠃      ᠭᠤᠣᠯ ᠠᠭᠤᠯᠭ᠎ᠠ      ● ᠳᠡᠮᠵᠢᠬᠦ ᠬᠡᠪᠴᠢᠶ᠎ᠡ      ᠬᠤᠷᠢᠨᠭᠡᠷ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤᠨ ᠤ ᠲᠥᠯᠥᠪᠵᠢᠭᠦᠯᠭᠡ ᠶᠢᠨ ᠬᠡᠪᠴᠢᠶᠡᠨ ᠳᠣᠲᠣᠷ᠎ᠠ ᠪᠠᠶᠢᠭᠤᠯᠤᠭᠰᠠᠨ ᠮᠥᠷᠲᠡᠭᠡᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠲᠠᠢ ᠡᠯ᠎ᠡ ᠲᠥᠷᠥᠯ ᠤᠨ ᠮᠦᠩᠭᠦᠨ ᠭᠦᠢᠯᠭᠡᠭᠡ᠂ ᠮᠥᠩᠭᠦᠨ ᠭᠦᠢᠯᠭᠡᠭᠡᠨ ᠤ ᠲᠦᠷᠦᠯ ᠤᠨ ᠠᠵᠤ ᠠᠬᠤᠶᠢᠯᠠᠯ      ᠡᠭᠦᠨ ᠳᠤ᠄      ᠪᠠᠩᠬᠢ᠂ ᠦᠨᠡᠲᠦ ᠲᠡᠮᠳᠡᠭᠲᠦ᠂ ᠳᠠᠭᠠᠳᠬᠠᠯ᠂ ᠰᠠᠭᠤᠷᠢ ᠮᠥᠩᠭᠦ ᠬᠠᠮᠢᠶᠠᠷᠤᠭᠴᠢ᠂ ᠰᠠᠭᠤᠷᠢ ᠮᠥᠩᠭᠦ ᠶᠢᠨ ᠪᠦᠲᠦᠭᠡᠭᠳᠡᠬᠦᠨ᠂ ᠳᠠᠨᠵᠢᠯᠠᠬᠤ ᠪᠠᠩᠬᠢ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠨ ᠬᠠᠮᠠᠭᠠᠯᠠᠬᠤ ᠺᠣᠮᠫᠠᠨᠢ᠂ ᠣᠷᠣᠨ ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠪᠠᠯᠠ ᠲᠤᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠭᠤᠷᠪᠠᠳᠤᠭᠠᠷ ᠡᠲᠡᠭᠡᠳ ᠤᠨ ᠲᠣᠭᠠᠴᠠᠭ᠎ᠠ ᠬᠢᠬᠦ ᠪᠠᠶᠢᠭᠤᠯᠤᠮᠵᠢ ᠵᠡᠷᠭᠡ ᠮᠥᠩᠭᠦᠨ ᠭᠦᠢᠯᠭᠡᠭᠡ᠂ ᠮᠥᠩᠭᠦᠨ ᠭᠦᠢᠯᠭᠡᠭᠡᠨ ᠤ ᠲᠦᠷᠦᠯ ᠤᠨ ᠪᠠᠶᠢᠭᠤᠯᠤᠮᠵᠢ᠃      ᠢᠲᠡᠭᠡᠮᠵᠢ ᠶᠢᠨ ᠺᠣᠮᠫᠠᠨᠢ᠂ ᠬᠥᠷᠥᠩᠭᠡ ᠢᠲᠡᠭᠡᠮᠵᠢ ︵ᠳᠡᠰ ᠲᠣᠭᠲᠠᠭᠠᠬᠤ︶ ᠺᠣᠮᠫᠠᠨᠢ᠂ ᠡᠳ᠋ ᠬᠦᠷᠦᠩᠭᠡ ᠶᠢ ᠦᠨᠡᠯᠡᠨ ᠵᠢᠱᠢᠬᠦ ᠺᠣᠮᠫᠠᠨᠢ᠂ ᠡᠳ᠋ ᠤᠨ ᠶᠠᠪᠤᠳᠠᠯ ᠤᠨ ᠬᠢᠨᠠᠨ ᠪᠣᠳᠣᠬᠤ ᠺᠣᠮᠫᠠᠨᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ ᠵᠡᠷᠭᠡ ᠢᠵᠢ ᠪᠦᠷᠢᠳᠦᠭᠦᠯᠬᠦ ᠦᠢᠯᠡᠴᠢᠯᠡᠭᠡᠨ ᠤ ᠪᠠᠶᠢᠭᠤᠯᠤᠮᠵᠢ᠃      ● ᠱᠠᠩᠨᠠᠬᠤ ᠠᠭᠤᠯᠭ᠎ᠠ      ︵ᠨᠢᠭᠡ︶ ᠠᠳᠠᠯᠢ ᠪᠤᠰᠤ ᠲᠥᠷᠥᠯ ᠢᠯᠭᠠᠯ ᠤᠨ ᠶᠣᠰᠣᠭᠠᠷ ᠠᠵᠢᠯ ᠡᠷᠬᠢᠯᠡᠬᠦ ᠨᠥᠬᠦᠪᠥᠷᠢ ᠤᠯᠭᠤᠨ᠎ᠠ      ᠦᠨᠡᠲᠦ ᠲᠡᠮᠳᠡᠭᠲᠦ ᠶᠢᠨ ᠲᠥᠷᠥᠯ ᠤᠨ ᠺᠤᠮᠫᠠᠨᠢ ᠶᠢᠨ ᠠᠵᠢᠯ ᠡᠷᠬᠢᠯᠡᠬᠦ ᠨᠥᠬᠦᠪᠥᠷᠢ ᠨᠢ ᠬᠠᠮᠤᠭ ᠤᠨ ᠦᠨᠳᠦᠷ ᠲᠡᠭᠡᠨ 2000 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠶ᠃      ᠪᠠᠩᠬᠢ᠂ ᠳᠠᠭᠠᠳᠬᠠᠯ ᠤᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠨᠦᠬᠦᠪᠦᠷᠢ ᠨᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠵᠦ ᠪᠤᠯᠬᠤ ᠦᠭᠡᠶ᠃      ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠭᠠᠵᠠᠷ ᠪᠠ ᠠᠷᠠᠯᠵᠢᠶᠠᠨ ᠤ ᠲᠥᠪ᠂ ᠭᠤᠷᠪᠠᠳᠠᠬᠢ ᠡᠲᠡᠭᠡᠳ ᠤᠨ ᠲᠤᠭᠠᠴᠠᠭ᠎ᠠ ᠬᠢᠬᠦ ᠪᠠᠶᠢᠭᠤᠯᠤᠮᠵᠢ ᠶᠢᠨ ᠠᠵᠢᠯ ᠡᠷᠬᠢᠯᠡᠬᠦ ᠨᠥᠬᠦᠪᠥᠷᠢ ᠨᠢ ᠬᠠᠮᠤᠭ ᠤᠨ ᠥᠨᠳᠥᠷ ᠲᠡᠭᠡᠨ 500 ᠲᠦᠮᠡᠨ ᠲᠦᠬᠦᠷᠢᠭ ᠠᠴᠠ ᠬᠡᠲᠦᠷᠡᠵᠦ ᠪᠣᠯᠬᠤ ᠦᠭᠡᠶ᠃      ᠰᠠᠭᠤᠷᠢ ᠮᠥᠩᠭᠦ ᠬᠠᠮᠢᠶᠠᠷᠤᠭᠴᠢ ᠶᠢᠨ ᠠᠵᠢᠯ ᠡᠷᠬᠢᠯᠡᠬᠦ ᠨᠥᠬᠦᠪᠥᠷᠢ ᠨᠢ ᠬᠠᠮᠤᠭ ᠥᠨᠳᠥᠷ ᠲᠡᠭᠡᠨ 200 ᠲᠦᠮᠡᠨ ᠲᠦᠬᠦᠷᠢᠭ ᠠᠴᠠ ᠬᠡᠲᠦᠷᠡᠵᠦ ᠪᠣᠯᠬᠤ ᠦᠭᠡᠶ᠃      ᠰᠠᠭᠤᠷᠢ ᠮᠥᠩᠭᠦᠨ ᠤ ᠪᠦᠲᠦᠭᠡᠭᠳᠡᠬᠦᠨ᠂ ᠳᠠᠨᠵᠢᠯᠠᠬᠤ ᠪᠠᠩᠬᠢ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠤᠮᠫᠠᠨᠢ᠂ ᠬᠤᠳᠠᠯᠳᠤᠭᠠᠨ ᠤ ᠪᠠᠲᠤᠯᠠᠨ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠤᠷᠤᠭᠤᠯᠤᠯᠲᠠ ᠶᠢᠨ ᠺᠣᠮᠫᠠᠨᠢ᠂ ᠢᠲᠡᠭᠡᠮᠵᠢ ᠶᠢᠨ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠨᠡᠶᠢᠭᠡᠮ ᠤᠨ ᠣᠯᠠᠨ ᠢᠶᠠᠷ ᠢᠶᠠᠨ ᠪᠡᠯᠡ ᠴᠤᠭᠯᠠᠭᠤᠯᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠨᠥᠬᠦᠪᠥᠷᠢ ᠨᠢ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠵᠦ ᠪᠤᠯᠬᠤ ᠦᠭᠡᠶ᠃      ᠢᠲᠡᠭᠡᠮᠵᠢ ᠶᠢᠨ ᠺᠣᠮᠫᠠᠨᠢ᠂ ᠬᠥᠷᠥᠩᠭᠡ ᠢᠲᠡᠭᠡᠮᠵᠢ ︵ᠳᠡᠰ ᠲᠣᠭᠲᠠᠭᠠᠬᠤ︶ ᠶᠢᠨ ᠺᠣᠮᠫᠠᠨᠢ᠂ ᠡᠳ᠋ ᠬᠦᠷᠦᠩᠭᠡ ᠶᠢ ᠦᠨᠡᠯᠡᠨ ᠵᠢᠱᠢᠬᠦ ᠺᠣᠮᠫᠠᠨᠢ᠂ ᠡᠳ᠋ ᠤᠨ ᠶᠠᠪᠤᠳᠠᠯ ᠤᠨ ᠬᠢᠨᠠᠨ ᠪᠣᠳᠣᠬᠤ ᠺᠣᠮᠫᠠᠨᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ ᠵᠡᠷᠭᠡ ᠢᠵᠢ ᠪᠦᠷᠢᠳᠦᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠨᠥᠬᠦᠪᠥᠷᠢ ᠨᠢ ᠬᠠᠮᠤᠭ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠵᠦ ᠪᠤᠯᠬᠤ ᠦᠭᠡᠶ᠃      ︵ᠬᠤᠶᠠᠷ︶ 10 ᠵᠢᠯ ᠳᠠᠷᠠᠭᠠᠯᠠᠨ ᠣᠷᠣᠵᠤ ᠰᠠᠭᠤᠭᠰᠠᠨ ᠪᠠᠶᠢᠭᠤᠯᠤᠮᠵᠢ ᠶᠢᠨ ᠡᠵᠡᠩᠨᠡᠯᠲᠡ ᠶᠢᠨ ᠱᠠᠩᠨᠠᠯ ᠣᠯᠭᠤᠨ᠎ᠠ      ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠵᠤ᠂ ᠡᠮᠦᠨᠡᠬᠢ 5 ᠵᠢᠯ ᠳᠤ 100%᠂ ᠰᠡᠭᠦᠯᠴᠢ ᠶᠢᠨ 5 ᠵᠢᠯ ᠳᠤ 50% ᠶᠢᠨ ᠬᠠᠷᠢᠴᠠᠯ ᠶᠣᠰᠣᠭᠠᠷ ᠣᠷᠣᠨ ᠨᠤᠲᠤᠭ ᠤᠨ ᠡᠳ᠋ ᠤᠨ ᠵᠠᠰᠠᠭ ᠠᠴᠠ ᠱᠠᠩᠨᠠᠯ ᠤᠯᠭᠤᠨ᠎ᠠ᠃      ︵ᠭᠤᠷᠪᠠ︶ ᠭᠠᠵᠠᠷ ᠰᠢᠷᠣᠶ ᠬᠤᠳᠠᠯᠳᠤᠨ ᠠᠪᠬᠤ᠂ ᠭᠡᠷ ᠪᠠᠶᠢᠰᠢᠩ ᠬᠤᠳᠠᠯᠳᠤᠨ ᠠᠪᠬᠤ ᠪᠤᠶᠤ ᠭᠡᠷ ᠲᠦᠷᠢᠶᠡᠰᠦᠯᠡᠬᠦ ᠨᠥᠬᠦᠪᠥᠷᠢ      ᠭᠠᠵᠠᠷ ᠰᠢᠷᠤᠢ ᠬᠤᠳᠠᠯᠳᠤᠨ ᠠᠪᠴᠤ ᠥᠪᠡᠰᠦᠪᠡᠨ ᠠᠯᠪᠠᠨ ᠬᠡᠷᠡᠭᠯᠡᠭᠡᠨ ᠤ ᠭᠡᠷ ᠪᠠᠷᠢᠵᠤ᠂ ᠭᠠᠵᠠᠷ ᠬᠡᠷᠡᠭᠯᠡᠬᠦ ᠶᠠᠪᠤᠳᠠᠯ ᠢ ︽ᠨᠢᠭᠡ ᠤᠴᠢᠷ ᠢ ᠨᠢᠭᠡ ᠵᠥᠪᠯᠡᠬᠦ︾ ᠬᠡᠷᠡᠭᠲᠡᠶ᠃      ᠠᠯᠪᠠᠨ ᠬᠡᠷᠡᠭᠯᠡᠭᠡᠨ ᠤ ᠭᠡᠷ ᠬᠤᠳᠠᠯᠳᠤᠨ ᠠᠪᠬᠤ ᠳᠤ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠤᠨ ᠨᠥᠬᠦᠪᠥᠷᠢ ᠪᠡᠯᠡ ᠮᠥᠩᠭᠦ ᠣᠯᠭᠤᠵᠤ᠂ ᠶᠡᠷᠦᠩᠬᠡᠶ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠵᠦ ᠪᠤᠯᠬᠤ ᠦᠭᠡᠶ᠃      ᠠᠯᠪᠠᠨ ᠬᠡᠷᠡᠭᠯᠡᠭᠡᠨ ᠤ ᠭᠡᠷ ᠲᠦᠷᠢᠶᠡᠰᠦᠯᠡᠬᠦ ᠳᠤ 300 ᠲᠡᠭᠰᠢ ᠳᠥᠷᠪᠡᠯᠵᠢᠨ ᠮᠧᠲᠷ ᠵᠢᠴᠢ ᠲᠡᠭᠦᠨ ᠠᠴᠠ ᠳᠣᠷᠣᠭᠰᠢᠬᠢ ᠬᠡᠰᠡᠭ ᠢ ᠤᠨ ᠤ ᠲᠦᠷᠢᠶᠡᠰᠦᠨ ᠮᠦᠩᠭᠦ ᠪᠠᠷ ᠡᠮᠦᠨᠡᠬᠢ 3 ᠵᠢᠯ ᠳᠤ 100%᠂ ᠳᠦᠷᠪᠡᠳᠦᠭᠡᠷ ᠵᠢᠯ ᠠᠴᠠ ᠲᠠᠪᠤᠳᠤᠭᠠᠷ ᠵᠢᠯ ᠳᠤ 50% ᠶᠢᠨ ᠲᠦᠷᠢᠶᠡᠰᠦᠨ ᠨᠦᠬᠦᠪᠦᠷᠢ ᠤᠯᠭᠤᠨ᠎ᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ