ᠬᠤᠷᠢᠨᠭᠡᠷ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠬᠠᠮᠲᠤᠷᠠᠭᠰᠠᠨ ᠬᠤᠷᠠᠯ ᠳᠤ ᠣᠷᠣᠯᠴᠠᠭᠰᠠᠳ ᠱᠠᠰᠢᠨ ᠰᠤᠷᠲᠠᠬᠤᠨ ᠤ ᠲᠠᠯᠠᠪᠤᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/10/15
     10 ᠳ᠋ᠤᠭᠠᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠸᠧᠨ ᠵᠢᠩ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠢ ᠳᠠᠭᠠᠭᠤᠯᠤᠨ ᠴᠧᠩ ᠭᠤᠸᠠᠨ ᠪᠠᠯᠭᠠᠰᠤ᠂ ᠱᠧᠩ ᠯᠧ ᠪᠠᠯᠭᠠᠰᠤᠨ ᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠱᠠᠰᠢᠨ ᠰᠤᠷᠲᠠᠬᠤᠨ ᠤ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠧᠩ ᠭᠤᠸᠠᠨ ᠪᠠᠯᠭᠠᠰᠤᠨ ᠤ ᠾᠷᠢᠰᠲ᠋ᠣᠰ ᠤᠨ ᠱᠠᠰᠢᠨ ᠤ ᠳᠤᠭᠠᠩ ᠵᠢᠴᠢ ᠱᠧᠩ ᠯᠧ ᠪᠠᠯᠭᠠᠰᠤᠨ ᠤ ᠱᠧᠩ ᠾᠧ ᠰᠧ ᠰᠦᠮ᠎ᠡ ᠶᠢᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠵᠢᠷᠤᠮᠵᠢᠭᠰᠠᠨ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠪᠠᠰᠠ ᠱᠠᠰᠢᠨ ᠰᠤᠷᠲᠠᠬᠤᠨ ᠤ ᠲᠠᠯᠠᠪᠤᠷ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠡᠯ᠎ᠡ ᠭᠠᠵᠠᠷ ᠤᠨ ᠬᠠᠷᠢᠭᠤᠴᠠᠯᠭᠠᠲᠠᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠪᠠᠶᠢᠭᠤᠯᠤᠯᠲᠠ᠂ ᠪᠠᠭᠰᠢ ᠠᠵᠢᠯᠳᠠᠨ ᠤ ᠬᠠᠮᠢᠶᠠᠷᠤᠯᠲᠠ᠂ ᠱᠠᠰᠢᠨ ᠰᠤᠷᠲᠠᠬᠤᠨ ᠤ ᠠᠵᠢᠯᠯᠠᠭ᠎ᠠ ᠶᠢ ᠥᠷᠨᠢᠭᠦᠯᠬᠦ ᠵᠢᠴᠢ ᠱᠠᠰᠢᠨ ᠰᠤᠷᠲᠠᠬᠤᠨ ᠤ ᠪᠦᠯᠬᠦᠮ ᠤᠨ ᠪᠠᠶᠢᠭᠤᠯᠤᠯᠲᠠ ᠵᠡᠷᠭᠡ ᠶᠢ ᠨᠠᠷᠢᠨ ᠲᠠᠨᠢᠯᠴᠠᠭᠤᠯᠪᠠ᠃ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠤᠯᠪᠣᠭᠳᠠᠯ ᠪᠦᠬᠦᠢ ᠭᠡᠷᠡᠴᠢ ᠦᠨᠡᠮᠯᠡᠯ ᠢ ᠲᠤᠬᠠᠶ ᠶᠢᠨ ᠲᠠᠯᠠᠪᠠᠢ ᠳᠤ ᠪᠠᠶᠢᠴᠠᠭᠠᠭᠰᠠᠨ ᠤ ᠳᠠᠷᠠᠭ᠎ᠠ᠂ ᠮᠠ ᠸᠧᠨ ᠵᠢᠩ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠱᠠᠰᠢᠨ ᠰᠤᠷᠲᠠᠬᠤᠨ ᠤ ᠡᠲᠡᠭᠡᠳ ᠤᠨ ᠢᠳᠡᠪᠬᠢᠲᠡᠶ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠠᠬᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠬᠤ ᠨᠢ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠰᠠᠭᠤᠷᠢ ᠮᠥᠨ᠂ ᠱᠠᠰᠢᠨ ᠰᠤᠷᠲᠠᠬᠤᠨ ᠤ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠤᠯᠢ ᠶᠣᠰᠣᠭᠠᠷ ᠬᠠᠮᠢᠶᠠᠷᠬᠤ ᠪᠠ ᠵᠢᠷᠤᠮᠵᠢᠭᠤᠯᠤᠨ ᠬᠠᠮᠢᠶᠠᠷᠬᠤ ᠶᠢ ᠠᠬᠢᠭᠤᠯᠬᠤ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠵᠤ᠂ ᠰᠢᠨ᠎ᠡ ᠪᠠᠶᠢᠳᠠᠯ᠂ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠦᠵᠡᠯ ᠰᠠᠨᠠᠭᠠᠨ ᠤ ᠬᠠᠮᠤᠭ ᠲᠦᠷᠦᠭᠦᠴᠢ ᠪᠣᠯᠬᠤ ᠨᠣᠮ ᠪᠢᠴᠢᠭ ᠢ ᠲᠣᠬᠢᠷᠠᠭᠤᠯᠵᠤ᠂ ᠥᠷᠭᠡᠨ ᠣᠯᠠᠨ ᠪᠠᠭᠰᠢ ᠠᠵᠢᠯᠲᠠᠨ ᠢ ᠢᠳᠡᠪᠬᠢᠲᠡᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠤᠯᠤᠰ ᠲᠥᠷᠥ ᠶᠢᠨ ᠬᠦᠲᠦᠯᠦᠨ ᠳᠠᠭᠠᠭᠤᠯᠬᠤ ᠠᠵᠢᠯ ᠢ ᠰᠠᠶᠢᠲᠤᠷ ᠠᠳᠬᠤᠵᠤ᠂ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠨᠠᠮ ᠤᠨ ᠱᠠᠰᠢᠨ ᠰᠤᠷᠲᠠᠬᠤᠨ ᠤ ᠣᠨᠣᠯ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠱᠠᠰᠢᠨ ᠰᠤᠷᠲᠠᠬᠤᠨ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠱᠠᠰᠢᠨ ᠰᠤᠷᠲᠠᠬᠤᠨ ᠢ ᠨᠡᠪᠴᠢᠭᠦᠯᠵᠦ᠂ ᠱᠠᠰᠢᠨ ᠰᠤᠷᠲᠠᠬᠤᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠲᠠᠢ ᠵᠣᠬᠢᠴᠠᠭᠤᠯᠬᠤ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号