9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ 179092.56 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2020/10/15
       ︵ᠰᠤᠷᠪᠤᠯᠵᠢᠯᠠᠭᠴᠢ ᠰᠦᠩ ᠰᠢᠶᠠᠩ ᠬᠤᠸᠠ︶ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ 179092.56 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠪᠠ᠂ ᠡᠭᠦᠨ ᠳᠤ ᠲᠠᠷᠢᠶᠠᠴᠢᠨ ᠤ ᠨᠥᠬᠦᠪᠦᠷᠢ ᠪᠡᠯᠡ ᠮᠥᠩᠭᠦ 166882.56 ᠲᠦᠮᠡᠨ ᠲᠥᠭᠦᠷᠢᠭ ᠬᠦᠷᠴᠦ᠂ 93.18% ᠶᠢ ᠡᠵᠡᠯᠡᠪᠡ︔ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠨᠥᠬᠦᠪᠦᠷᠢ 12210 ᠲᠦᠮᠡᠨ ᠲᠥᠭᠦᠷᠢᠭ ᠬᠦᠷᠴᠦ᠂ 6.82% ᠢ ᠡᠵᠡᠯᠡᠪᠡ᠃ ᠪᠦᠬᠦ ᠬᠤᠲᠠ ᠶᠢᠨ 90 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠪᠦᠷᠬᠦᠵᠦ᠂ ᠪᠠᠭᠤᠯᠭᠠᠭᠰᠠᠨ ᠨᠥᠬᠦᠪᠦᠷᠢ ᠪᠡᠯᠡ ᠮᠥᠩᠭᠦ ᠨᠢ ᠨᠡᠶᠢᠲᠡ 9 ᠬᠦᠷᠢᠶ᠎ᠡ ᠴᠠᠷᠠᠭ᠎ᠠ ᠶᠢᠨ 68 ᠲᠥᠷᠥᠯ ᠤᠨ 85 ᠵᠦᠢᠯ ᠳᠤ ᠬᠤᠯᠪᠣᠭᠳᠠᠪᠠ᠃      ᠪᠠᠭᠤᠯᠭᠠᠭᠰᠠᠨ ᠨᠥᠬᠦᠪᠦᠷᠢ ᠪᠡᠯᠡ ᠮᠥᠩᠭᠦ ᠳᠤ᠂ ᠲᠤᠭ᠎ᠠ ᠬᠡᠮᠵᠢᠶ᠎ᠡ ᠪᠠᠷ ᠨᠡᠯᠢᠶᠡᠳ ᠶᠡᠭᠡ ᠶᠢ ᠡᠵᠡᠯᠡᠭᠰᠡᠨ ᠨᠢ ᠭᠤᠣᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠠᠵᠤ ᠠᠬᠤᠢ ᠶᠢᠨ ᠲᠥᠷᠥᠯ᠂ ᠣᠢ ᠰᠢᠭᠤᠢ ᠶᠢᠨ ᠲᠥᠷᠥᠯ᠂ ᠴᠠᠯᠢᠩ ᠤᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠨᠥᠬᠦᠪᠦᠷᠢ ᠵᠡᠷᠭᠡ ᠵᠢᠷᠭᠤᠭᠠᠨ ᠶᠡᠭᠡ ᠲᠥᠷᠥᠯ ᠤᠨ ᠠᠷᠠᠳ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ ᠪᠠᠶᠢᠵᠤ᠂ ᠡᠭᠦᠨ ᠤ ᠳᠣᠲᠣᠷ᠎ᠠ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 81255.16 ᠲᠦᠮᠡᠨ ᠲᠥᠭᠦᠷᠢᠭ᠂ 45.37% ᠶᠢ ᠡᠵᠡᠯᠡᠪᠡ︔ ᠲᠠᠷᠢᠶᠠᠯᠠᠩ ᠠᠵᠤ ᠠᠬᠤᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 53592.79 ᠲᠦᠮᠡᠨ ᠲᠥᠭᠦᠷᠢᠭ᠂ 29.92% ᠢ ᠡᠵᠡᠯᠡᠪᠡ︔ ᠣᠢ ᠰᠢᠭᠤᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 15600.87 ᠲᠦᠮᠡᠨ ᠲᠥᠭᠦᠷᠢᠭ᠂ 8.71% ᠶᠢ ᠡᠵᠡᠯᠡᠪᠡ︔᠂ ᠴᠠᠯᠢᠩ ᠤᠨ ᠲᠥᠷᠥᠯ ᠤᠨ ᠨᠥᠬᠦᠪᠦᠷᠢ ᠪᠡᠯᠡ ᠮᠥᠩᠭᠦ 12200.35 ᠲᠦᠮᠡᠨ ᠲᠥᠭᠦᠷᠢᠭ᠂ 6.81% ᠶᠢ ᠡᠵᠡᠯᠡᠪᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 7189.63 ᠲᠦᠮᠡᠨ ᠲᠥᠭᠦᠷᠢᠭ᠂ 4.01% ᠶᠢ ᠡᠵᠡᠯᠡᠪᠡ︔ ᠲᠥᠯᠥᠪᠯᠡᠭᠡᠲᠦ ᠦᠷᠡᠵᠢᠯ ᠤᠨ ᠨᠥᠬᠦᠪᠦᠷᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 4877.23 ᠲᠦᠮᠡᠨ ᠲᠥᠭᠦᠷᠢᠭ᠂ 2.72% ᠢ ᠡᠵᠡᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号