ᠵᠠᠩ ᠪᠠᠢ ᠴᠧᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ ᠬᠤᠲᠠ ᠶᠢᠨ ᠥᠪᠡᠷ ᠤᠨ ᠪᠠᠶᠢᠴᠠᠭᠠᠯᠲᠠ ᠶᠢᠨ ᠠᠵᠢᠯ ᠵᠢᠴᠢ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2020/10/15
      10 ᠳ᠋ᠤᠭᠠᠷ ᠰᠠᠷ᠎ᠠ ᠶᠢᠨ 14 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠲᠠ ᠶᠢᠨ ᠥᠪᠡᠷ ᠤᠨ ᠪᠠᠶᠢᠴᠠᠭᠠᠯᠲᠠ ᠶᠢᠨ ᠠᠵᠢᠯ ᠵᠢᠴᠢ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠣᠨ ᠪᠡᠭᠡᠵᠢᠩ ᠤᠨ ᠴᠢᠩᠬᠤᠸᠠ ᠲᠦᠩ ᠾᠧᠩ ᠰᠤᠳᠤᠯᠭᠠᠨ ᠤ ᠬᠦᠷᠢᠶᠡᠯᠡᠩ ᠤᠨ ᠬᠤᠲᠠ ᠶᠢᠨ ᠥᠪᠡᠷ ᠤᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠥᠬᠡᠬᠤᠲᠠ ᠶᠢᠨ 2019 ᠣᠨ ᠪᠠ 2020 ᠣᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠠᠬᠢᠴᠠ ᠶᠢᠨ ᠪᠠᠶᠢᠳᠠᠯ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠬᠢᠭᠡᠳ 2021 ᠣᠨ ᠤ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠭᠰᠠᠨ ᠨᠢ᠂ ᠬᠤᠲᠠ ᠶᠢᠨ ᠥᠪᠡᠷ ᠤᠨ ᠪᠠᠶᠢᠴᠠᠭᠠᠯᠲᠠ ᠶᠢᠨ ᠰᠢᠰᠲ᠋ᠧᠮ ᠨᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠠᠪᠠᠭᠤᠯᠢᠭ ᠪᠠ ᠳᠤᠲᠠᠭᠤᠳᠠᠯ ᠢ ᠦᠨᠡᠨ ᠮᠥᠨ ᠢᠶᠠᠷ ᠢᠯᠡᠳᠬᠡᠵᠦ᠂ ᠲᠥᠪ ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠣᠳᠠᠲᠠᠢ ᠪᠠᠶᠢᠳᠠᠯ ᠪᠠ ᠠᠵᠢᠯ ᠤᠨ ᠬᠢᠷᠢ ᠲᠦᠪᠰᠢᠨ ᠢ ᠦᠨᠡᠨ ᠮᠥᠨ ᠢᠶᠠᠷ ᠬᠠᠷᠠᠭᠤᠯᠵᠤ ᠳᠡᠶᠢᠯᠳᠡᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠲᠠ ᠶᠢᠨ ᠥᠪᠡᠷ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠲᠤᠭ᠎ᠠ ᠪᠠᠷᠢᠮᠲᠠ ᠪᠠᠷ ᠭᠠᠷᠳᠠᠴᠠ ᠪᠣᠯᠭᠠᠨ᠂ ᠳᠤᠲᠠᠭᠤᠳᠠᠯ ᠢᠶᠠᠨ ᠨᠥᠬᠦᠪᠦᠷᠢᠯᠡᠨ᠂ ᠪᠠᠭᠤᠷᠠᠢ ᠪᠠᠨ ᠴᠢᠩᠭᠠᠳᠬᠠᠬᠤ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠬᠤᠲᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠣᠶᠣᠨᠴᠢᠯᠠᠨ ᠬᠠᠮᠢᠶᠠᠷᠤᠨ ᠪᠦᠲᠦᠭᠡᠨ ᠪᠠᠶᠢᠭᠤᠯᠬᠤ ᠬᠡᠷᠡᠭᠲᠡᠢ᠃ ᠡᠯ᠎ᠡ ᠵᠦᠢᠯ ᠤᠨ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠦᠨᠡᠨ ᠪᠣᠳᠠᠲᠠᠢ ᠪᠣᠯᠭᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠠ ᠣᠨᠣᠪᠴᠢᠲᠠᠢ ᠪᠠᠶᠢᠬᠤ ᠶᠢ ᠪᠠᠲᠤᠯᠠᠨ᠂ ᠡᠳᠦᠷ ᠳᠣᠲᠣᠮ ᠤᠨ ᠠᠵᠢᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠰᠢᠨᠵᠢᠯᠡᠬᠦ ᠤᠬᠠᠭᠠᠨᠴᠢ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠪᠣᠯ ᠣᠷᠣᠰᠢᠨ ᠰᠠᠭᠤᠬᠤ ᠣᠷᠴᠢᠨ ᠲᠣᠭᠤᠷᠢᠨ ᠪᠠ ᠬᠤᠲᠠ ᠶᠢᠨ ᠬᠡᠪ ᠴᠢᠨᠠᠷ ᠢ ᠳᠡᠭᠡᠭᠰᠢᠯᠡᠭᠦᠯᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ 2019 ᠣᠨ ᠪᠠ 2020 ᠣᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠡᠭᠦᠷᠭᠡ ᠶᠢ ᠴᠢᠨᠠᠷ ᠢ ᠪᠠᠲᠤᠯᠠᠨ ᠲᠤᠭ᠎ᠠ ᠶᠣᠰᠣᠭᠠᠷ ᠪᠡᠶᠡᠯᠡᠭᠦᠯᠵᠦ᠂ 2021 ᠣᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠲᠥᠯᠥᠪᠯᠡᠭᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠥᠭᠡᠷᠡᠴᠢᠯᠡᠬᠦ ᠲᠥᠯᠥᠪᠵᠢᠭᠦᠯᠭᠡ ᠶᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠬᠤ ᠬᠡᠷᠡᠭᠲᠡᠢ᠃ 2021 ᠣᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠲᠥᠷᠥᠯ ᠵᠦᠢᠯ ᠢ ᠴᠠᠭ ᠤᠨ ᠲᠣᠬᠢᠷᠠᠭᠤᠯᠤᠯᠲᠠ ᠶᠣᠰᠣᠭᠠᠷ ᠪᠣᠯᠬᠤᠶᠢᠴᠠ ᠴᠢᠨᠠᠷ ᠤᠨ ᠰᠤᠳᠤᠯᠤᠯᠲᠠ᠂ ᠵᠢᠷᠤᠭ ᠲᠥᠯᠥᠪᠯᠡᠭᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠨ ᠬᠢᠵᠦ᠂ ᠲᠥᠷᠥᠯ ᠵᠦᠢᠯ ᠤᠨ ᠪᠡᠯᠡ ᠮᠥᠩᠭᠦ ᠶᠢ ᠵᠣᠯᠭᠠᠭᠤᠯᠬᠤ ᠪᠠ ᠴᠢᠷᠮᠠᠶᠢᠨ ᠣᠯᠬᠤ ᠳᠤ ᠬᠦᠴᠦᠯᠡᠬᠦ ᠪᠠᠨ ᠴᠢᠩᠭᠠᠳᠬᠠᠬᠤ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠲᠠ᠂ ᠲᠡᠰ ᠳᠡᠪᠰᠢᠭᠦᠯᠬᠦ ᠲᠥᠷᠥᠯ ᠤᠨ ᠪᠠ ᠦᠯᠢᠭᠡᠷ ᠪᠣᠯᠭᠠᠬᠤ ᠲᠥᠷᠥᠯ ᠤᠨ ᠬᠤᠷᠢᠶᠠᠯᠠᠯ ᠢ ᠪᠠᠶᠢᠭᠤᠯᠬᠤ᠂ ᠲᠣᠣᠷ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠠᠭᠤᠴᠢᠨ ᠬᠤᠷᠢᠶᠠᠯᠠᠯ ᠤᠨ ᠳᠤᠲᠠᠭᠤᠳᠠᠯ ᠢ ᠨᠥᠬᠦᠪᠦᠷᠢᠯᠡᠨ᠂ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠷᠠᠳ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号