ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠦᠨᠡᠨᠬᠦ ᠴᠢᠩᠭᠠᠳᠬᠠᠵᠦ᠂ ᠬᠠᠭᠤᠷᠮᠠᠭ ᠴᠢᠨᠠᠷ ᠮᠠᠭᠤ ᠢᠳᠡᠭᠡᠨ ᠦᠢᠯᠡᠳᠪᠦᠷᠢᠯᠡᠵᠦ ᠡᠵᠡᠩᠨᠡᠬᠦ ᠬᠠᠤᠯᠢ ᠪᠤᠰᠤ ᠦᠢᠯᠡ | ᠠᠵᠢᠯᠯᠠᠭ᠎ᠠ ᠳᠤ ᠪᠦᠬᠦ ᠲᠠᠯ᠎ᠠ ᠪᠠᠷ ᠴᠣᠬᠢᠯᠲᠠ ᠦᠭᠭᠦ ᠶᠢᠨ ᠲᠤᠰᠠᠲᠠ᠂ ᠬᠥᠬᠡᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ | ᠲᠤᠰᠬᠠᠶ ᠴᠡᠭᠴᠡᠯᠡᠨ ᠵᠠᠰᠠᠬᠤ 3 ᠰᠠᠷ᠎ᠠ ᠶᠢᠨ ᠬᠤᠭᠤᠴᠠᠭ᠎ᠠ ᠲᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ | ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠳᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠪᠡ᠃ | ᠬᠥᠳᠡᠭᠡ ᠲᠣᠰᠬᠤᠨ ᠤ ᠢᠳᠡᠭᠡᠨ ᠤ ᠠᠶᠤᠯᠭᠦᠶ ᠶᠢᠨ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠢᠳᠡᠭᠡᠨ ᠦᠢᠯᠡᠳᠪᠦᠷᠢᠯᠡᠬᠦ ᠶᠠᠪᠤᠴᠠ ᠳᠤ᠂ ᠦᠨᠡᠮᠯᠡᠯ ᠦᠭᠡᠢ ᠪᠠᠷ ᠢᠳᠡᠭᠡᠨ ᠦᠢᠯᠡᠳᠪᠦᠷᠢᠯᠡᠬᠦ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠤᠷᠢᠯᠡᠵᠦ᠂ ᠲᠤᠬᠠᠶ ᠶᠢᠨ ᠲᠠᠯᠠᠪᠠᠢ ᠶᠢᠨ | ᠪᠠᠶᠢᠴᠠᠭᠠᠯᠲᠠ ᠪᠠ ᠦᠢᠯᠡᠳᠭᠦᠨ ᠤ ᠶᠠᠰᠤ ᠴᠢᠨᠠᠷ ᠢ ᠰᠤᠭᠤᠴᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠦ᠂ | ᠬᠤᠳᠠᠯ ᠬᠠᠭᠤᠷᠮᠠᠭ ᠶᠠᠭᠤᠮ᠎ᠠ ᠬᠤᠯᠢᠬᠤ᠂ ︽ᠬᠤᠶᠠᠷ ᠢ ᠬᠡᠲᠦᠷᠡᠭᠦᠯᠵᠦ ᠨᠢᠭᠡ ᠢᠳᠡᠭᠡᠨ ᠤ ᠪᠤᠰᠤ ᠪᠤᠯᠬᠤ︾᠂ | ᠡᠭᠡᠭᠦᠯᠦᠨ ᠬᠤᠷᠢᠶᠠᠭᠰᠠᠨ ᠢᠳᠡᠭᠡᠨ ᠪᠤᠶᠤ ᠬᠤᠭᠤᠴᠠᠭ᠎ᠠ ᠨᠢ ᠥᠩᠭᠡᠷᠡᠭᠰᠡᠨ ᠲᠦᠭᠦᠬᠡᠶ ᠮᠠᠲ᠋ᠧᠷᠢᠶᠠᠯ ᠵᠢᠴᠢ | ᠮᠢᠺᠷᠣᠪ ᠤᠨ ᠪᠤᠵᠠᠷᠳᠤᠯᠳᠤ ᠮᠠᠲ᠋ᠧᠷᠢᠶᠠᠯ ᠢᠶᠠᠷ ᠢᠳᠡᠭᠡᠨ ᠤ ᠤᠤᠯ ᠮᠠᠲ᠋ᠧᠷᠢᠶᠠᠯ ᠪᠤᠶᠤ ᠲᠤᠰᠠᠯᠠᠬᠤ ᠮᠠᠲ᠋ᠧᠷᠢᠶᠠᠯ | ᠪᠣᠯᠭᠠᠬᠤ᠂ ᠬᠤᠳᠠᠯ ᠬᠠᠭᠤᠷᠮᠠᠭ ᠵᠡᠭᠦᠯᠲᠡ ᠬᠠᠳᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠦᠭᠭᠦᠨ᠎ᠡ᠃ ᠢᠳᠡᠭᠡᠨ ᠤ ᠭᠦᠢᠯᠭᠡᠭᠡᠨ ᠤ ᠶᠠᠪᠤᠴᠠ᠂ ᠬᠥᠳᠡᠭᠡ ᠲᠣᠰᠬᠤᠨ ᠳᠤ | ᠬᠠᠨᠳᠤᠭᠤᠯᠤᠭᠰᠠᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠡᠵᠡᠩᠨᠡᠭᠴᠢ ᠪᠠᠷ ᠭᠤᠤᠯᠳᠠᠯᠭ᠎ᠠ ᠪᠤᠯᠭᠠᠭᠰᠠᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠣᠳᠣᠷᠬᠠᠶᠢᠯᠠᠨ ᠪᠠᠶᠢᠴᠠᠭᠠᠵᠤ᠂ ᠡᠷᠦᠬᠡ ᠳᠠᠷᠠᠭᠠᠯᠠᠨ ︽ᠢᠳᠡᠭᠡᠨ ᠤ | ᠪᠣᠷᠣᠯᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠳᠠᠩᠰᠠ ᠡᠪᠬᠡᠮᠡᠯ︾ ᠪᠠᠶᠢᠭᠤᠯᠵᠤ᠂ ᠰᠠᠭᠤᠷᠢ ᠲᠤᠭ᠎ᠠ ᠶᠢ | ᠲᠣᠳᠣᠷᠬᠠᠶ ᠣᠶᠢᠯᠠᠭᠠᠵᠤ᠂ ᠭᠤᠤᠯᠳᠠᠯᠭ᠎ᠠ ᠲᠠᠢ ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ︔ ᠢᠳᠡᠭᠡᠨ ᠤᠮᠳᠠᠭᠠᠨ ᠤ ᠦᠢᠯᠡᠴᠢᠯᠡᠭᠡᠨ ᠤ | ᠶᠠᠪᠤᠴᠠ᠂ ᠪᠠᠶᠢᠴᠠᠭᠠᠬᠤ ᠠᠵᠢᠯᠲᠠᠨ ᠡᠷᠡᠭᠦᠯ ᠮᠡᠨᠳᠦ ᠶᠢᠨ ᠦᠨᠡᠮᠯᠡᠯ ᠢᠶᠠᠨ ᠠᠪᠴᠤ ᠠᠵᠢᠯ ᠤᠨ ᠪᠠᠶᠢᠷᠢ ᠳᠤ ᠭᠠᠷᠬᠤ | ᠪᠠ ᠡᠳᠦᠷ ᠪᠦᠷᠢ ᠶᠢᠨ ᠥᠷᠯᠥᠭᠡ ᠶᠢᠨ ᠪᠠᠶᠢᠴᠠᠭᠠᠯᠲᠠ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ᠂ | ᠢᠳᠡᠭᠡᠨ ᠤ ᠲᠦᠬᠦᠬᠡᠢ ᠮᠠᠲ᠋ᠧᠷᠢᠶᠠᠯ ᠤᠨ ᠭᠡᠷᠡᠴᠢ ᠪᠠᠷᠢᠮᠲᠠ ᠠᠪᠬᠤ᠂ ᠬᠠᠳᠠᠭᠠᠯᠠᠬᠤ᠂ ᠡᠳ᠋ᠰᠢᠭᠦᠯᠬᠦ᠂ ᠢᠳᠡᠭᠡᠨ | ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠬᠥᠮᠦᠰ ᠤᠨ ᠡᠷᠡᠭᠦᠯ ᠮᠡᠨᠳᠦ ᠶᠢᠨ ᠪᠡᠶ᠎ᠡ ᠶᠢᠨ | ᠪᠠᠶᠢᠴᠠᠭᠠᠯᠲᠠ ᠵᠢᠴᠢ ᠬᠦᠢᠲᠡᠨ ᠢᠳᠡᠭᠡᠨ ᠤ ᠲᠥᠷᠥᠯ᠂ ᠲᠦᠭᠦᠬᠡᠶ ᠢᠳᠡᠭᠡᠨ ᠤ ᠲᠥᠷᠥᠯ ᠤᠨ ᠢᠳᠡᠭᠡᠨ ᠢ ᠦᠢᠯᠡᠳᠴᠤ | ᠡᠳ᠋ᠰᠢᠭᠦᠯᠬᠦ ᠵᠡᠷᠭᠡ ᠭᠤᠤᠯᠳᠠᠯᠭ᠎ᠠ ᠲᠠᠢ ᠶᠠᠪᠤᠴᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠬᠢᠨᠠᠯᠲᠠ ᠬᠠᠮᠢᠶᠠᠷᠤᠯᠲᠠ ᠳᠤ ᠭᠡᠭᠡᠭᠳᠡᠭᠰᠡᠨᠣᠷᠣᠨ ᠥᠬᠡᠶ | ᠪᠤᠯᠭᠠᠨ᠎ᠠ᠃ | ᠬᠥᠳᠡᠭᠡ ᠲᠣᠰᠬᠤᠨ ᠤ ᠢᠳᠡᠭᠡᠨ ᠤ ᠠᠶᠤᠯᠭᠦᠶ ᠶᠢᠨ ᠪᠦᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠨᠢᠭᠡ ᠳᠤ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ | ᠬᠤᠶᠠᠷ ᠲᠤ ᠲᠠᠸᠠᠷ ᠤᠨ ᠲᠡᠮᠳᠡᠭ ᠤᠨ ᠲᠤᠰᠬᠠᠶ ᠬᠡᠷᠡᠭᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ᠂ | ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠢᠳᠡᠭᠡᠨ ᠤ ᠡᠬᠢ ᠡᠭᠦᠰᠦᠯ ᠢ ᠮᠥᠷᠳᠡᠨ ᠤᠬᠤᠴᠢᠯᠠᠬᠤ ᠡᠷᠴᠢᠮ ᠢ | ᠴᠢᠩᠭᠠᠷᠠᠭᠤᠯᠵᠤ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠢᠳᠡᠭᠡᠨ ᠦᠢᠯᠡᠳᠪᠤᠷᠢᠯᠡᠬᠦ᠂ ᠪᠣᠷᠣᠯᠠᠭᠤᠯᠬᠤ | ᠵᠢᠴᠢ ᠲᠠᠸᠠᠷ ᠤᠨ ᠲᠡᠮᠳᠡᠭ ᠢ ᠳᠠᠷᠤᠮᠠᠯᠯᠠᠨ ᠵᠣᠬᠢᠶᠠᠬᠤ ᠵᠡᠷᠭᠡ ᠶᠠᠪᠤᠴᠠ ᠳᠤ ᠪᠦᠬᠦ ᠬᠡᠯᠬᠢᠶᠡᠰᠦ ᠶᠢᠨ ᠴᠣᠬᠢᠯᠲᠠ | ᠦᠭᠭᠦᠨ᠎ᠡ᠃ ᠭᠤᠷᠪᠠ ᠳᠤ ᠬᠠᠤᠯᠢ ᠶᠢ ᠵᠥᠷᠢᠴᠡᠭᠰᠡᠨ ᠬᠡᠷᠡᠭ ᠢ ᠪᠦᠬᠦ ᠬᠡᠯᠬᠢᠶ᠎ᠡ ᠪᠠᠷ ᠪᠠᠶᠢᠴᠠᠭᠠᠨ ᠰᠢᠢᠳᠪᠤᠷᠢᠯᠡᠵᠦ᠂ | ᠬᠠᠤᠯᠢ ᠬᠡᠷᠡᠭᠵᠢᠭᠦᠯᠬᠦ ᠳᠤ ︽ᠠᠭᠤᠴᠢ᠂ ᠰᠤᠯᠠ᠂ ᠵᠥᠭᠡᠯᠡᠨ︾ ᠪᠠᠶᠢᠬᠤ ᠪᠠ ᠡᠷᠡᠭᠦᠤ ᠰᠢᠳᠬᠡᠯ ᠤᠨ | ᠬᠡᠷᠡᠭᠵᠢᠭᠦᠯᠦᠯᠲᠡ ᠶᠢᠨ ᠵᠤᠯᠭᠠᠯᠲᠠ ᠲᠦᠭᠵᠢᠷᠡᠯ ᠵᠡᠷᠭᠡ ᠠᠰᠠᠭᠤᠳᠠᠯ ᠢ ᠰᠠᠶᠢᠵᠢᠷᠠᠭᠤᠯᠤᠨ᠎ᠠ᠃ ᠡᠨᠡ ᠤᠳᠠᠭ᠎ᠠ ᠵᠢᠵᠢᠭ | ᠦᠢᠯᠡᠳᠭᠡᠯ᠂ ᠵᠢᠵᠢᠭ ᠳᠡᠯᠭᠡᠭᠦᠷ᠂ ᠵᠢᠵᠢᠭ ᠳᠡᠯᠭᠡᠭᠦᠷᠴᠢᠨ᠂ ᠵᠢᠵᠢᠭ ᠬᠤᠭᠤᠯᠠᠨ ᠭᠡᠷ᠂ ᠵᠢᠵᠢᠭ ᠬᠤᠳᠠᠯᠳᠤᠭᠠᠴᠢᠨ | ᠵᠡᠷᠭᠡ ᠢᠳᠡᠭᠡᠨ ᠤ ᠦᠢᠯᠡᠳᠪᠤᠷᠢᠯᠡᠯ ᠡᠵᠡᠩᠨᠡᠯᠲᠡ ᠶᠢᠨ ᠭᠤᠤᠯ ᠴᠣᠭᠴᠠ ᠪᠣᠯᠤᠨ ᠬᠥᠳᠡᠭᠡ ᠲᠤᠰᠬᠤᠨ ᠳᠤ | ᠬᠠᠨᠳᠤᠭᠤᠯᠤᠭᠰᠠᠨ ᠢᠳᠡᠭᠡᠨ ᠤ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠭᠤᠤᠯ ᠴᠣᠭᠴᠠ᠂ ᠬᠥᠳᠡᠭᠡ | ᠲᠣᠰᠬᠤᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢᠶᠠᠷ ᠭᠤᠤᠯᠳᠠᠯᠭ᠎ᠠ ᠪᠤᠯᠭᠠᠵᠦ᠂ ᠬᠥᠳᠡᠭᠡ ᠲᠣᠰᠬᠤᠨ ᠤ | ᠢᠳᠡᠭᠡᠨ ᠤ ᠠᠶᠤᠯᠭᠦᠶ ᠶᠢᠨ ᠲᠤᠪᠤᠶᠢᠮ᠎ᠠ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠡ᠃ | ︵ᠰᠤᠷᠪᠤᠯᠵᠢᠯᠠᠭᠴᠢ ᠴᠢ ᠰᠢᠶᠣᠤ ᠶᠠᠨ︶ | http://mongol.people.com.cn/15826568.html |