ᠵᠣᠣ ᠵᠢᠶᠦ᠋ᠨ ᠰᠣᠶᠣᠯ ᠤᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠵᠢᠴᠢ ︽ᠵᠣᠣ ᠵᠢᠶᠦ᠋ᠨ ᠰᠤᠶᠤᠯ ᠤᠨ ᠬᠦᠮᠦᠷᠭᠡ︾ ᠶᠢ ᠨᠠᠶᠢᠷᠠᠭᠤᠯᠤᠨ ᠪᠢᠴᠢᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/15
     ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠤᠯᠠᠭᠠᠨᠲᠤᠶᠠᠭ᠎ᠠ︶ ᠲᠦᠷᠦᠭᠦᠬᠡᠨ ᠬᠤᠷᠢᠨ ᠨᠢᠭᠡᠳᠦᠭᠡᠷ ᠬᠤᠭᠤᠴᠠᠭᠠᠨ ᠤ ᠬᠥᠬᠡᠬᠤᠲᠠ ᠶᠢᠨ ᠵᠤᠤ ᠵᠢᠶᠦ᠋ᠨ ᠰᠣᠶᠣᠯ  ᠤᠨ ᠨᠠᠶᠢᠷ ᠤᠨ ᠴᠢᠬᠤᠯᠠ ᠠᠭᠤᠯᠭ᠎ᠠ ᠪᠣᠯᠬᠤ 2020 ᠣᠨ ᠤ ᠵᠤᠤ ᠵᠢᠶᠦ᠋ᠨ ᠰᠣᠶᠣᠯ ᠤᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠵᠢᠴᠢ ︽ᠵᠤᠤ ᠵᠢᠶᠦ᠋ᠨ ᠰᠣᠶᠣᠯ ᠤᠨ ᠬᠥᠮᠥᠷᠭᠡ︾ ᠶᠢ ᠨᠠᠶᠢᠷᠠᠭᠤᠯᠤᠨ ᠪᠢᠴᠢᠬᠦ ᠬᠤᠷᠠᠯ ᠬᠥᠬᠡᠬᠤᠲᠠ ᠳᠤ 3 ᠡᠳᠦᠷ ᠶᠠᠪᠤᠭᠳᠠᠵᠤ᠂ ᠳᠤᠮᠳᠠᠳᠤ ᠤᠯᠤᠰ ᠤᠨ ᠦᠨᠳᠦᠰᠦᠲᠡᠨ ᠤ ᠰᠤᠳᠤᠯᠭᠠᠨ  ᠤ ᠨᠡᠶᠢᠭᠡᠮᠯᠢᠭ ᠤᠨ ᠵᠤᠤ ᠵᠢᠶᠦ᠋ᠨ ᠰᠣᠶᠣᠯ ᠤᠨ ᠰᠤᠳᠤᠯᠭᠠᠨ ᠤ ᠬᠤᠪᠢᠶᠠᠷᠢ ᠨᠡᠶᠢᠭᠡᠮᠯᠢᠭ᠂ ᠬᠥᠬᠡᠬᠤᠲᠠ ᠶᠢᠨ ᠵᠤᠤ ᠵᠢᠶᠦ᠋ᠨ ᠰᠣᠶᠣᠯ ᠤᠨ ᠰᠤᠳᠤᠯᠭᠠᠨ ᠤ ᠨᠡᠶᠢᠭᠡᠮᠯᠢᠭ᠂ ᠢᠴᠠᠩ ᠬᠤᠲᠠ ᠶᠢᠨ ᠵᠤᠤ ᠵᠢᠶᠦ᠋ᠨ ᠰᠣᠶᠣᠯ ᠤᠨ ᠠᠬᠢᠭᠤᠯᠬᠤ ᠨᠡᠶᠢᠭᠡᠮᠯᠢᠭ᠂ ᠰᠢᠩᠱᠠᠨ ᠰᠢᠶᠠᠨ ᠤ ᠵᠤᠤ ᠵᠢᠶᠦ᠋ᠨ ᠰᠣᠶᠣᠯ ᠤᠨ ᠰᠤᠳᠤᠯᠭᠠᠨ ᠤ ᠨᠡᠶᠢᠭᠡᠮᠯᠢᠭ᠂ ᠰᠠᠨᠰᠢᠶᠠ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠭᠤᠸᠠᠩᠰᠢ ᠶᠢᠨ ᠶᠡᠭᠡ ᠰᠤᠷᠭᠠᠭᠤᠯᠢ ᠪᠠ ᠬᠥᠬᠡᠬᠤᠲᠠ ᠶᠢᠨ ᠵᠤᠤ ᠵᠢᠶᠦ᠋ᠨ ᠮᠦᠽᠧᠢ ᠵᠡᠷᠭᠡ ᠨᠢᠭᠡᠴᠢ ᠪᠣᠯᠤᠨ ᠪᠠᠶᠢᠭᠤᠯᠤᠮᠵᠢ ᠶᠢᠨ 30 ᠭᠠᠷᠤᠢ ᠲᠤᠰᠬᠠᠢ ᠮᠡᠷᠭᠡᠵᠢᠯᠲᠡᠨ᠂ ᠡᠷᠳᠡᠮᠲᠡᠨ ᠪᠣᠯᠤᠨ ᠨᠠᠶᠢᠷᠠᠭᠤᠯᠤᠭᠴᠢ ᠬᠤᠷᠠᠯ ᠳᠤ ᠤᠷᠤᠯᠴᠠᠭᠰᠠᠨ ᠪᠠᠶᠢᠨ᠎ᠠ᠃     ᠲᠤᠰ ᠬᠤᠷᠠᠯ ᠨᠢ ᠦᠨᠳᠦᠰᠦᠲᠡᠨ ᠤ ᠪᠦᠯᠬᠦᠮᠳᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠪᠣᠯᠭᠠᠵᠤ᠂ ᠰᠢᠨ᠎ᠡ ᠴᠠᠭ ᠦᠶ᠎ᠡ ᠶᠢᠨ ᠵᠤᠤ ᠵᠢᠶᠦ᠋ᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠲᠤᠰᠬᠠᠢ ᠮᠡᠷᠭᠡᠵᠢᠯᠲᠡᠳ ᠠᠴᠠ ᠵᠤᠤ ᠵᠢᠶᠦ᠋ᠨ ᠰᠣᠶᠣᠯ ᠤᠨ ᠨᠠᠶᠢᠷ ᠢ 21 ᠬᠤᠭᠤᠴᠠᠭ᠎ᠠ ᠵᠠᠯᠭᠠᠭ᠎ᠠ ᠪᠠᠷ ᠡᠷᠬᠢᠯᠡᠭᠰᠡᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠢ ᠶᠠᠷᠢᠯᠴᠠᠵᠤ᠂ ᠵᠤᠤ ᠵᠢᠶᠦ᠋ᠨ ᠰᠣᠶᠣᠯ ᠤᠨ ᠨᠠᠶᠢᠷ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠮᠳᠠ ᠦᠵᠡᠭᠦᠯᠦᠭᠰᠡᠨ ᠢᠳᠡᠪᠬᠢᠲᠡᠢ ᠦᠢᠯᠡᠳᠦᠯ ᠢ ᠭᠦᠢᠴᠡᠳ ᠨᠤᠲᠠᠯᠠᠪᠠ᠃ ᠲᠠᠯ᠎ᠠ ᠨᠤᠲᠤᠭ ᠤᠨ ᠰᠣᠶᠣᠯ᠂ ᠵᠤᠤ ᠵᠢᠶᠦ᠋ᠨ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠲᠤᠰᠬᠠᠶ ᠮᠡᠷᠭᠡᠵᠢᠯᠲᠡᠨ ᠡᠷᠳᠡᠮᠲᠡᠨ ᠨᠠᠷ ᠸᠠᠩ ᠵᠤᠤ ᠵᠢᠶᠦ᠋ᠨ ᠲᠠᠢ ᠬᠤᠯᠪᠣᠭᠳᠠᠬᠤ ᠤᠯᠤᠰ ᠤᠨ ᠳᠣᠲᠣᠭᠠᠳᠤ ᠭᠠᠳᠠᠭᠠᠳᠤ ᠶᠢᠨ ᠨᠣᠮ ᠳᠡᠪᠲᠡᠷ᠂ ᠰᠢ ᠵᠦᠴᠦᠭᠡ ᠺᠢᠨᠣ᠋᠂ ᠰᠢᠯᠦᠭ ᠨᠠᠶᠢᠷᠠᠭᠤᠯᠤᠯ ᠵᠡᠷᠭᠡ ᠮᠠᠲ᠋ᠧᠷᠢᠶᠠᠯ ᠢ ᠬᠤᠷᠢᠶᠠᠩᠭᠤᠶᠢᠯᠠᠵᠤ᠂ ᠵᠤᠤ ᠵᠢᠶᠦ᠋ᠨ ᠰᠣᠶᠣᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠦᠷᠭᠡᠨ ᠤᠯᠠᠨ ᠵᠣᠣ ᠵᠢᠶᠦ᠋ᠨ ᠰᠣᠶᠣᠯ ᠤᠨ ᠳᠤᠷ᠎ᠠ ᠪᠠᠭ᠋ᠠᠲᠠᠳ᠂ ᠰᠤᠳᠤᠯᠤᠭᠴᠢᠳ ᠵᠢᠴᠢ ᠡᠯ᠎ᠡ ᠭᠠᠵᠠᠷ ᠤᠨ ᠣᠯᠠᠨ ᠲᠦᠮᠡᠨ ᠤ ᠵᠣᠣ ᠵᠢᠶᠦ᠋ᠨ ᠰᠣᠶᠣᠯ ᠤᠨ ᠬᠠᠮᠢᠶ᠎ᠠ ᠪᠥᠬᠦᠶ ᠮᠡᠳᠡᠯᠭᠡ ᠶᠢ ᠪᠠᠶᠢᠴᠠᠭᠠᠨ ᠦᠵᠡᠵᠦ ᠣᠶᠢᠯᠠᠭᠠᠬᠤ ᠳᠤ ᠨᠠᠩ ᠰᠠᠶᠢᠨ ᠲᠠᠪᠴᠠᠩ ᠬᠠᠩᠭᠠᠬᠤ ᠪᠠᠷ ᠲᠣᠭᠲᠠᠭᠰᠠᠨ ᠪᠠᠶᠢᠨ᠎ᠠ᠃      ᠬᠤᠷᠠᠯ ᠳᠤ ︽ᠵᠤᠤ ᠵᠢᠶᠦ᠋ᠨ ᠤ ᠰᠣᠶᠣᠯ ᠤᠨ ᠬᠥᠮᠥᠷᠭᠡ︾ ᠶᠢ ᠨᠠᠶᠢᠷᠠᠭᠤᠯᠤᠨ ᠪᠢᠴᠢᠬᠦ ᠠᠭᠤᠯᠭ᠎ᠠ ᠪᠠ ᠴᠢᠭᠯᠡᠯ ᠢ ᠲᠣᠭᠲᠠᠭᠠᠵᠤ᠂ ᠸᠠᠩ ᠵᠣᠣ ᠵᠢᠶᠦ᠋ᠨ ᠤ ᠰᠢᠭᠦᠮᠵᠢ ᠨᠠᠮᠲᠠᠷ᠂ ᠵᠣᠣ ᠵᠢᠶᠦ᠋ᠨ ᠰᠣᠶᠣᠯ ᠤᠨ ᠲᠣᠮᠣ ᠬᠡᠷᠡᠭ ᠶᠠᠪᠤᠳᠠᠯ ᠤᠨ ᠲᠡᠮᠳᠡᠭᠯᠡᠯ᠂ ᠵᠣᠣ ᠵᠢᠶᠦ᠋ᠨ ᠮᠦᠽᠧᠶ ᠶᠢᠨ ᠲᠦᠢᠮᠣ ᠪᠠᠶᠢᠳᠠᠯ᠂ ᠤᠯᠠᠨ ᠦᠶ᠎ᠡ ᠶᠢᠨ ᠵᠣᠣ ᠵᠢᠶᠦ᠋ᠨ ᠤ ᠳᠠᠭᠤᠤᠷᠢᠯᠢᠭ ᠤᠨ ᠲᠡᠭᠦᠪᠦᠷᠢ᠂ ᠸᠠᠩ ᠵᠣᠣ ᠵᠢᠶᠦ᠋ᠨ ᠤ ᠲᠡᠤᠬᠡᠨ ᠮᠠᠲ᠋ᠧᠷᠢᠶᠠᠯ ᠤᠨ ᠲᠡᠭᠦᠪᠦᠷᠢ᠂ ᠤᠯᠠᠨ ᠦᠶ᠎ᠡ ᠳᠠᠬᠢ ᠵᠣᠣ ᠵᠢᠶᠦ᠋ᠨ ᠢ ᠤᠶᠠᠩᠭᠠᠯᠠᠭᠰᠠᠨ ᠰᠢᠯᠦᠭ ᠤᠨ ᠲᠡᠭᠦᠪᠦᠷᠢ᠂ ᠵᠣᠣ ᠵᠢᠶᠦ᠋ᠨ ᠤ ᠠᠷᠠᠳ ᠤᠨ ᠠᠮᠠᠨ ᠵᠣᠬᠢᠶᠠᠯ ᠤᠨ ᠪᠦᠲᠦᠭᠡᠯ᠂ ᠵᠣᠣ ᠵᠢᠶᠦ᠋ᠨ ᠤ ᠰᠡᠳᠦᠪᠲᠦ ᠤᠷᠠᠯᠢᠭ ᠤᠨ ᠪᠦᠲᠦᠭᠡᠯ ᠤᠨ ᠲᠡᠭᠦᠪᠦᠷᠢ᠂ ᠤᠷᠴᠢᠨ ᠦᠶ᠎ᠡ ᠣᠲᠣ ᠦᠶ᠎ᠡ ᠶᠢᠨ ᠵᠣᠣ ᠵᠢᠶᠦ᠋ᠨ ᠤ ᠤᠳᠬ᠎ᠠ ᠵᠣᠬᠢᠶᠠᠯ ᠤᠨ ᠲᠡᠭᠦᠪᠦᠷᠢ ᠵᠡᠷᠭᠡ ᠠᠭᠤᠯᠭ᠎ᠠ ᠶᠢ ᠪᠠᠭᠲᠠᠭᠠᠨ 15 ᠤᠷᠴᠢᠮ ᠲᠥᠷᠥᠯ ᠤᠨ ᠨᠤᠮ ᠪᠦᠲᠦᠭᠡᠯ ᠢ ᠬᠡᠪᠯᠡᠬᠦ ᠪᠠᠷ ᠵᠢᠱᠢᠵᠦ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号