ᠠᠷᠠᠳ ᠤᠨ ᠰᠦᠯᠵᠢᠶ᠎ᠡ ᠶᠢᠨ ᠬᠦᠬᠡᠬᠤᠲᠠ ᠶᠢᠨ 10 ᠰᠠᠷ᠎ᠠ ᠶᠢᠨ 9 ᠤ ᠡᠲᠦᠷ ᠤᠨ ᠮᠡᠲᠡᠭᠡ ︵ | ᠰᠤᠷᠪᠤᠯᠵᠢᠯᠠᠭᠴᠢ ᠴᠧᠨ ᠯᠢ ᠭᠧᠩ ︶ 10 ᠰᠠᠷ᠎ᠠ ᠶᠢᠨ 9 ᠤ ᠡᠲᠦᠷ᠂ ᠰᠤᠷᠪᠤᠯᠵᠢᠯᠠᠭᠴᠢ ᠦᠪᠦᠷ ᠮᠤᠩᠭᠤᠯ ᠤᠨ | ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠬᠰᠠᠨ ᠢᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ | ᠤᠯᠤᠰ ᠤᠨ ᠪᠠᠶᠠᠷ ᠤᠨ ᠠᠯᠲᠠᠨ ᠭᠠᠷᠠᠭ ᠤᠨ 8 ᠡᠲᠦᠷ ᠲᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤᠯᠤᠰ ᠤᠨ ᠲᠤᠲᠤᠭᠠᠳᠤ ᠭᠠᠲᠠᠭᠠᠳᠤ ᠶᠢᠨ ᠵᠢᠭᠤᠯᠴᠢᠯᠠᠭᠰᠠᠳ ᠢ 1529.77 ᠲᠦᠮᠡᠨ ᠬᠦᠮᠦᠨ | ᠤᠲᠠᠭ᠎ᠠ ᠬᠦᠯᠢᠶᠡᠨ ᠠᠪᠴᠤ᠂ ᠬᠠᠷᠢᠴᠠᠭᠤᠯᠵᠤ ᠪᠤᠯᠬᠤᠶᠢᠴᠠ ᠬᠡᠪᠴᠢᠶᠡᠨ ᠳᠤ ᠨᠢᠳᠤᠨᠤᠨ ᠤ ᠠᠳᠠᠯᠢ ᠬᠤᠭᠤᠴᠠᠭᠠᠨ | ᠤ ᠲᠦᠪᠰᠢᠨ ᠤ 91.21% ᠬᠦᠷᠲᠡᠯ᠎ᠡ ᠰᠡᠷᠭᠦᠭᠡᠵᠡᠢ᠃ ᠨᠡᠶᠢᠯᠡᠪᠦᠷᠢ ᠲᠤᠭ᠎ᠠ ᠪᠠᠷ ᠤᠯᠤᠰ ᠤᠨ ᠲᠤᠲᠤᠭᠠᠳᠤ ᠶᠢᠨ | ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠤᠷᠤᠯᠭ᠎ᠠ 57.33 ᠳ᠋ᠦᠩᠰᠢᠭᠤᠷ ᠲᠦᠬᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠲᠦᠪᠰᠢᠨ ᠤ 44.47% ᠬᠦᠷᠲᠡᠯ᠎ᠡ ᠰᠡᠷᠭᠦᠭᠡᠵᠡᠢ᠃ | ᠦᠪᠦᠷ ᠮᠤᠩᠭᠤᠯ ᠤᠨ ᠰᠤᠶᠤᠯ ᠪᠠ ᠵᠢᠭᠤᠯᠴᠢᠯᠠᠯ ᠤᠨ ᠲᠠᠯᠠᠪᠤᠷ ᠨᠤᠭᠤᠳ ᠢ ᠰᠡᠷᠭᠦᠭᠡᠵᠦ ᠪᠤᠯᠬᠤ ᠶᠢ ᠨᠢ | ᠪᠦᠬᠦᠲᠡ ᠶᠢ ᠰᠡᠷᠭᠦᠭᠡᠬᠦ ᠲᠦᠷᠦ ᠶᠢᠨ ᠪᠤᠲᠤᠯᠭ᠎ᠠ ᠶᠢᠨ ᠤᠷᠴᠢᠨ ᠨᠦᠬᠦᠴᠡᠯ ᠲᠤᠤᠷ᠎ᠠ᠂ ᠵᠢᠭᠤᠯᠴᠢᠯᠠᠬᠰᠠᠳ ᠤᠨ | ᠰᠤᠩᠭᠤᠯᠲᠠ ᠪᠠ ᠵᠢᠭᠤᠯᠴᠢᠯᠠᠭᠠ ᠶᠢᠨ ᠪᠦᠲᠣᠭᠡᠭᠳᠡᠬᠦᠨ ᠵᠡᠷᠭᠡᠲᠡ ᠨᠡᠮᠡᠭᠲᠡᠵᠤ᠂ ᠤᠯᠠᠨ ᠲᠦᠮᠡᠨ ᠤ ᠦᠪᠦᠷ ᠮᠤᠩᠭᠤᠯ | ᠳᠤ ᠵᠢᠭᠤᠯᠴᠢᠯᠠᠬᠤ ᠬᠡᠷᠡᠭᠴᠡᠭᠡ ᠱᠠᠭᠠᠷᠲᠠᠯᠭ᠎ᠠ ᠴᠠᠭᠠᠰᠢᠲᠠ ᠲᠠᠯᠪᠢᠬᠲᠠᠪᠠ᠃ ᠠᠩᠬᠠᠷᠤᠭᠤᠰᠢᠲᠠᠢ ᠨᠢ ᠭᠡᠪᠡᠯ᠂ ᠦᠪᠦᠷ | ᠮᠤᠩᠭᠤᠯ ᠤᠨ ᠠᠯᠲᠠᠨ ᠭᠠᠷᠠᠭ ᠤᠨ ᠬᠤᠭᠤᠴᠠᠭᠠᠨ᠎ᠠ ᠭᠤᠤᠯᠳᠠᠭᠤ ᠤᠯᠤᠰ ᠤᠨ ᠲᠤᠲᠤᠭᠠᠳᠤ ᠶᠢᠨ ᠬᠤᠨᠤᠭ | ᠦᠨᠵᠢᠬᠦᠲᠡ ᠪᠠᠷ ᠢᠷᠡᠵᠦ ᠵᠢᠭᠤᠯᠴᠢᠯᠠᠭᠰᠠᠳ ᠵᠤᠩᠬᠢᠯᠠᠬᠤ ᠲᠤᠭ᠎ᠠ ᠶᠢ ᠡᠵᠡᠯᠡᠪᠡ᠃ ᠡᠬᠦᠨ ᠤ ᠲᠤᠲᠤᠷ᠎ᠠ᠂ | ᠤᠯᠤᠰ ᠤᠨ ᠲᠤᠲᠤᠭᠠᠳᠤ ᠶᠢᠨ ᠬᠤᠨᠤᠭ ᠦᠨᠵᠢᠬᠦᠲᠡ ᠪᠠᠷ ᠢᠷᠡᠵᠦ ᠵᠢᠭᠤᠯᠴᠢᠯᠠᠭᠰᠠᠳ ᠤᠨ ᠨᠡᠶᠢᠯᠡᠪᠤᠷᠢ ᠲᠤᠭ᠎ᠠ | 934.53 ᠲᠦᠮᠡᠨ ᠬᠦᠮᠦᠨ ᠡᠲᠦᠷ ᠬᠦᠷᠴᠦ᠂ ᠤᠯᠤᠰ ᠤᠨ ᠲᠤᠲᠤᠭᠠᠳᠤ ᠶᠢᠨ ᠨᠢᠭᠡ ᠡᠲᠦᠷ ᠤᠨ | ᠵᠢᠭᠤᠯᠴᠢᠯᠠᠭᠰᠠᠳ ᠤᠨ ᠨᠡᠶᠢᠯᠡᠪᠤᠷᠢ ᠲᠤᠭ᠎ᠠ 595.24 ᠲᠦᠮᠡᠨ ᠬᠦᠮᠦᠨ ᠡᠲᠦᠷ ᠬᠦᠷᠪᠡ᠃ | ᠠᠮᠠᠷᠠᠯᠲᠠ ᠶᠢᠨ ᠬᠤᠭᠤᠴᠠᠭᠠᠨ ᠳᠠᠬᠢ ᠵᠢᠭᠤᠯᠴᠢᠯᠠᠯ ᠤᠨ ᠵᠠᠬ᠎ᠠ ᠲᠡᠯᠭᠡᠭᠦᠷ ᠲᠤ ᠪᠠᠰᠠ ᠦᠪᠡᠷ ᠢᠶᠠᠨ ᠲᠡᠷᠭᠡ | ᠪᠠᠷᠢᠬᠤ᠂ ᠤᠶᠢᠷ᠎ᠠ ᠵᠠᠭᠤᠷ᠎ᠠ ᠶᠢᠨ ᠵᠢᠭᠤᠯᠴᠢᠯᠠᠯ᠂ ᠬᠤᠲᠠ ᠲᠡᠭᠦᠷᠭᠡ ᠶᠢᠨ ᠵᠢᠭᠤᠯᠴᠢᠯᠠᠯ ᠢᠶᠠᠷ ᠭᠤᠤᠯᠲᠠᠬᠰᠠᠨ | ᠤᠨᠴᠠᠯᠢᠭ ᠢᠯᠡᠷᠡᠵᠡᠢ᠃ ᠡᠬᠦᠨ ᠳᠤ᠂ ᠭᠤᠤᠯᠲᠠᠯᠭ᠎ᠠ ᠪᠤᠯᠬᠤ ᠦᠵᠡᠮᠦᠷᠢ ᠶᠢᠨ ᠤᠷᠤᠨ ᠲᠤᠭᠤᠷᠢᠭ ᠨᠤᠭᠤᠳ ᠨᠢ | ᠵᠢᠭᠤᠯᠴᠢᠯᠠᠬᠰᠠᠳ ᠤᠨ ᠦᠪᠦᠷ ᠮᠤᠩᠭᠤᠯ ᠳᠤ ᠢᠷᠡᠵᠦ ᠵᠢᠭᠤᠯᠴᠢᠯᠠᠬᠤ ᠭᠤᠤᠯ ᠵᠤᠷᠢᠯᠲᠠ ᠶᠢᠨ ᠭᠠᠵᠠᠷ ᠪᠤᠯᠵᠤ᠂ | ᠰᠤᠶᠤᠯ ᠵᠢᠭᠤᠯᠴᠢᠯᠠᠯ ᠤᠨ ᠠᠭᠤᠰᠤᠯᠴᠠᠯ ᠨᠢ ᠵᠢᠭᠤᠯᠴᠢᠯᠠᠬᠰᠠᠳ ᠲᠤ ᠠᠮᠠᠷᠠᠯᠲᠠ ᠶᠢᠨ ᠡᠲᠦᠷ ᠤᠳ ᠤᠨ ᠵᠤᠭ᠎ᠠ | ᠴᠡᠩᠭᠡᠯ ᠤᠯᠭᠤᠬᠰᠠᠨ ᠪᠠᠶᠢᠨ᠎ᠠ᠃ | ᠤᠶᠢᠯᠠᠭᠠᠬᠰᠠᠨ ᠢᠶᠠᠷ᠂ ᠬᠡᠵᠢᠭ ᠤᠨ ᠪᠠᠶᠢᠲᠠᠯ ᠤᠨ ᠬᠤᠭᠤᠴᠠᠭᠠᠨ ᠤ ᠠᠮᠤᠷ ᠲᠦᠪᠰᠢᠨ ᠢ ᠪᠤᠳᠤᠯᠬᠢᠯᠠᠬᠰᠠᠨ | ᠪᠠ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ᠎ᠠ ᠲᠦᠷᠭᠡᠨ ᠤ ᠵᠠᠮ | ᠲᠦᠯᠦᠪᠦᠷᠢ ᠬᠡᠯᠲᠦᠷᠢᠬᠦᠯᠦᠭᠰᠡᠨ ᠠᠴᠠ ᠤᠶᠢᠷ᠎ᠠ ᠵᠠᠭᠤᠷ᠎ᠠ ᠶᠢᠨ ᠵᠢᠭᠤᠯᠴᠢᠯᠠᠯ᠂ ᠬᠤᠲᠠ ᠲᠡᠭᠦᠷᠭᠡ ᠶᠢᠨ ᠵᠢᠭᠤᠯᠴᠢᠯᠠᠯ | ᠪᠠ ᠦᠪᠡᠷ ᠢᠶᠠᠨ ᠲᠡᠷᠭᠡ ᠪᠠᠷᠢᠵᠤ ᠵᠢᠭᠤᠯᠴᠢᠯᠠᠬᠤ ᠨᠢ ᠦᠪᠦᠷ ᠮᠤᠩᠭᠤᠯ ᠤᠨ ᠵᠢᠭᠤᠯᠴᠢᠯᠠᠯ ᠤᠨ ᠭᠤᠤᠯ | ᠤᠷᠤᠰᠬᠠᠯ ᠠᠷᠭ᠎ᠠ ᠪᠠᠷᠢᠯ ᠪᠤᠯᠪᠠ᠃ ᠬᠦᠯᠦᠨ ᠪᠤᠶᠢᠷ ᠤᠨ ᠲᠠᠯ᠎ᠠ ᠨᠤᠲᠤᠭ᠂ ᠬᠤᠷᠴᠢᠨ ᠤ 500 ᠺᠢᠯᠤᠮᠧᠲᠷ ᠤᠨ | ᠦᠵᠡᠮᠵᠢ ᠶᠢᠨ ᠵᠠᠮ ᠢᠶᠠᠷ ᠦᠪᠡᠷ ᠢᠶᠠᠨ ᠲᠡᠷᠭᠡ ᠪᠠᠷᠢᠵᠤ ᠵᠢᠭᠤᠯᠴᠢᠯᠠᠬᠤ ᠱᠤᠭᠤᠮ᠂ ᠰᠢᠯᠢ ᠶᠢᠨ ᠭᠤᠤᠯ ᠤᠨ | ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠦᠷᠭᠡᠨ ᠵᠠᠮ᠂ ᠪᠠᠶᠠᠨᠨᠠᠭᠤᠷ᠂ ᠦᠬᠠᠢ ᠬᠤᠳᠠ ᠬᠢᠭᠡᠳ | ᠠᠯᠠᠱᠠ ᠠᠶᠢᠮᠠᠭ ᠤᠨ ᠪᠠᠷᠠᠭᠤᠨ ᠪᠡᠶ᠎ᠡ ᠪᠠᠷ ᠦᠪᠡᠷ ᠢᠶᠠᠨ ᠲᠡᠷᠭᠡ ᠪᠠᠷᠢᠵᠤ ᠵᠢᠭᠤᠯᠴᠢᠯᠠᠬᠤ ᠵᠠᠮ ᠵᠡᠷᠭᠡ ᠨᠢ ᠦᠷᠭᠡᠨ | ᠤᠯᠠᠨ ᠵᠢᠭᠤᠯᠴᠢᠯᠠᠬᠰᠠᠳ ᠤᠨ ᠪᠠᠬ᠎ᠠ ᠶᠢ ᠲᠠᠲᠠᠪᠠ᠃ ᠮᠦᠽᠸᠢ᠂ ᠲᠤᠷᠠᠰᠬᠠᠯ ᠤᠨ ᠤᠷᠲᠤᠨ ᠵᠡᠷᠭᠡ ᠲᠡᠦᠬᠡᠨ | ᠲᠤᠷᠠᠰᠬᠠᠯ ᠮᠦᠽᠸᠢ ᠬᠡᠯᠪᠡᠷᠢ ᠶᠢᠨ ᠵᠢᠭᠤᠯᠴᠢᠯᠠᠯ ᠤᠨ ᠴᠢᠭ ᠨᠦᠭᠦᠳ ᠬᠦᠮᠦᠰ ᠲᠤ ᠲᠠᠭᠠᠰᠢᠶᠠᠬᠲᠠᠬᠰᠠᠨ ᠠᠴᠠ | ᠵᠢᠭᠤᠯᠴᠢᠯᠠᠬᠰᠠᠳ ᠤᠨ ᠲᠤᠭ᠎ᠠ ᠮᠠᠰᠢ ᠲᠦᠷᠭᠡᠨ ᠨᠡᠮᠡᠭᠲᠡᠵᠡᠢ᠃ ᠦᠵᠦᠮ ᠤᠨ ᠬᠦᠷᠢᠶᠡᠯᠡᠩ ᠵᠡᠷᠭᠡ ᠲᠠᠷᠢᠶᠠᠴᠢᠨ | ᠠᠶᠢᠯ ᠳᠠᠬᠢ ᠡᠯ᠎ᠡ ᠵᠦᠢᠯ ᠤᠨ ᠦᠵᠡᠮᠵᠢ ᠶᠢ ᠰᠤᠨᠢᠷᠬᠠᠨ ᠰᠡᠯᠡᠬᠦᠴᠡᠨ ᠵᠤᠭᠠᠯᠠᠬᠤ ᠨᠢ ᠭᠡᠷ ᠪᠦᠯᠢ ᠪᠠᠷ ᠢᠶᠠᠨ | ᠵᠢᠭᠤᠯᠴᠢᠯᠠᠬᠰᠠᠳ ᠤᠨ ᠭᠤᠤᠯ ᠰᠤᠩᠭᠤᠯᠲᠠ ᠪᠤᠯᠤᠬᠰᠠᠨ ᠪᠠᠶᠢᠨ᠎ᠠ᠃ | http://mongol.people.com.cn/15826142.html |