ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢᠶᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020/10/15
      ᠲᠣᠭᠲᠠᠬᠤ ᠰᠢᠶᠠᠨ ᠤ ᠭᠤᠣᠯ ᠤᠨ ᠠᠮᠠ ᠬᠠᠮᠢᠶᠠᠷᠤᠯᠲᠠ ᠶᠢᠨ ᠵᠥᠪᠯᠡᠯ ᠤᠨ ᠵᠡᠭᠦᠨ ᠠᠶᠢᠯ ᠲᠣᠰᠬᠤᠨ ᠬᠠᠲᠤᠨ ᠭᠤᠣᠯ ᠤᠨ ᠳᠤᠮᠳᠠ ᠤᠷᠤᠰᠬᠠᠯ ᠤᠨ ᠰᠠᠪᠠ ᠭᠠᠵᠠᠷ ᠤᠨ ᠥᠪᠡᠷᠮᠢᠴᠡ ᠣᠨᠴᠠᠯᠢᠭ ᠲᠠᠢ ᠭᠠᠵᠠᠷ ᠵᠦᠢ ᠶᠢᠨ ᠪᠠᠶᠢᠷᠢᠰᠢᠯ ᠤᠨ ᠳᠠᠪᠠᠭᠤᠯᠢᠭ ᠢᠶᠠᠨ ᠠᠰᠢᠭᠯᠠᠨ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢᠶᠠᠷ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠵᠦ ᠪᠠᠶᠢᠨ᠎ᠠ᠃ ︽ᠵᠠᠰᠠᠭ ᠤᠨ ᠣᠷᠳᠣᠨ + ᠶᠠᠳᠠᠭᠤ ᠶᠢ ᠲᠡᠳᠬᠦᠬᠦ ᠨᠢᠭᠡᠴᠡ+ ᠬᠤᠷᠰᠢᠶᠠᠵᠢᠯ+ ᠶᠠᠳᠠᠭᠤ ᠬᠦᠴᠢᠷᠳᠡᠯᠲᠡᠢ ᠡᠷᠦᠭᠡ︾ ᠶᠢᠨ ᠬᠥᠭᠵᠢᠯᠲᠡ ᠶᠢᠨ ᠵᠠᠭᠪᠤᠷ᠂ ᠳᠠᠷᠤᠢ ᠰᠢᠶᠠᠨ ᠤ ᠵᠠᠰᠠᠭ ᠤᠨ ᠣᠷᠳᠣᠨ ᠬᠢᠭᠡᠳ ᠶᠠᠳᠠᠭᠤ ᠶᠢ ᠲᠡᠳᠬᠦᠬᠦ ᠨᠢᠭᠡᠴᠡ ᠠᠴᠠ ᠪᠡᠯᠡ ᠣᠷᠣᠭᠤᠯᠤᠨ᠂ ᠬᠤᠷᠰᠢᠶᠠᠵᠢᠯ ᠳᠤ ᠨᠠᠶᠢᠳᠠᠨ ᠵᠢᠭᠠᠰᠤ ᠲᠡᠵᠢᠭᠡᠯᠭᠡᠵᠦ᠂ ᠶᠠᠳᠠᠭᠤ ᠬᠦᠴᠢᠷᠳᠡᠯᠲᠡᠢ ᠡᠷᠦᠭᠡ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠮᠠᠶ᠋ᠢᠭ ᠢᠶᠠᠷ ᠬᠤᠪᠢ ᠣᠷᠣᠭᠤᠯᠤᠨ ᠠᠰᠢᠭ ᠬᠤᠪᠢᠶᠠᠯᠴᠠᠪᠠ᠃ ᠡᠭᠦᠨ ᠤ ᠬᠠᠮᠲᠤ᠂ ᠣᠳᠣ ᠶᠢᠨ ᠪᠠᠶᠢᠭ᠎ᠠ ᠲᠡᠵᠢᠭᠡᠨ ᠦᠷᠡᠵᠢᠭᠦᠯᠬᠦ ᠬᠤᠷᠰᠢᠶᠠᠵᠢᠯ ᠳᠤ ᠲᠦᠰᠢᠭᠯᠡᠨ᠂ ᠲᠣᠰᠬᠤᠨ ᠤ ᠲᠡᠰ ᠤᠨ ᠬᠠᠮᠲᠤ ᠶᠢᠨ ᠠᠵᠤ ᠠᠬᠤᠢ ᠶᠢ ᠬᠦᠴᠦᠷᠬᠡᠭᠵᠢᠭᠦᠯᠵᠡᠢ᠃ ᠰᠤᠷᠪᠤᠯᠵᠢᠯᠠᠭᠴᠢ ᠶᠠᠩ ᠼᠠᠢ ᠰᠢᠶᠠ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号