ᠬᠥᠬᠡᠬᠤᠲᠠ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2020/10/15
    ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠦ᠂ ᠬᠠᠭᠤᠷᠮᠠᠭ ᠴᠢᠨᠠᠷ ᠮᠠᠭᠤ ᠢᠳᠡᠭᠡᠨ ᠦᠢᠯᠡᠳᠪᠦᠷᠢᠯᠡᠵᠦ ᠡᠵᠡᠩᠨᠡᠬᠦ ᠬᠠᠤᠯᠢ ᠪᠤᠰᠤ ᠦᠢᠯᠡ ᠠᠵᠢᠯᠯᠠᠭ᠎ᠠ ᠳᠤ ᠪᠦᠬᠦ ᠲᠠᠯ᠎ᠠ ᠪᠠᠷ ᠴᠣᠬᠢᠯᠲᠠ ᠦᠭᠭᠦ ᠶᠢᠨ ᠲᠤᠰᠠᠲᠠ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ 3 ᠰᠠᠷ᠎ᠠ ᠶᠢᠨ ᠬᠤᠭᠤᠴᠠᠭ᠎ᠠ ᠲᠠᠢ ᠠᠵᠢᠯᠯᠠᠭ᠎ᠠ ᠶᠢ ᠵᠣ‌‍ᠬᠢᠶᠠᠨ ᠪᠠᠶᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠳᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃    ᠬᠥᠳᠡᠭᠡ ᠲᠣᠰᠬᠤᠨ ᠤ ᠢᠳᠡᠭᠡᠨ ᠤ ᠠᠶᠤᠯᠭᠦᠶ ᠶᠢᠨ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ  ᠬᠡᠷᠡᠭᠵᠢᠭᠦᠯᠦᠨ᠎ᠡ᠃ ᠢᠳᠡᠭᠡᠨ ᠦᠢᠯᠡᠳᠪᠦᠷᠢᠯᠡᠬᠦ  ᠶᠠᠪᠤᠴᠠ ᠳᠤ᠂ ᠦᠨᠡᠮᠯᠡᠯ ᠦᠭᠡᠢ ᠪᠠᠷ ᠢᠳᠡᠭᠡᠨ ᠦᠢᠯᠡᠳᠪᠦᠷᠢᠯᠡᠬᠦ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠤᠷᠢᠯᠡᠵᠦ᠂ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠪᠠ ᠦᠢᠯᠡᠳᠭᠦᠨ ᠤ ᠶᠠᠰᠤ ᠴᠢᠨᠠᠷ ᠢ ᠰᠤᠭᠤᠴᠢᠨ ᠪᠠᠶᠢᠴᠠᠭᠠᠬᠤ ᠡᠷᠴᠢᠮ ᠢ  ᠴᠢᠩᠭᠠᠷᠠᠭᠤᠯᠵᠦ᠂ ᠬᠤᠳᠠᠯ ᠬᠠᠭᠤᠷᠮᠠᠭ ᠶᠠᠭᠤᠮ᠎ᠠ ᠬᠤᠯᠢᠬᠤ᠂ ︽ᠬᠤᠶᠠᠷ ᠢ ᠬᠡᠲᠦᠷᠡᠭᠦᠯᠵᠦ ᠨᠢᠭᠡ ᠢᠳᠡᠭᠡᠨ ᠤ ᠪᠤᠰᠤ ᠪᠤᠯᠬᠤ︾᠂ ᠡᠭᠡᠭᠦᠯᠦᠨ ᠬᠤᠷᠢᠶᠠᠭᠰᠠᠨ ᠢᠳᠡᠭᠡᠨ ᠪᠤᠶᠤ ᠬᠤᠭᠤᠴᠠᠭ᠎ᠠ ᠨᠢ ᠥᠩᠭᠡᠷᠡᠭᠰᠡᠨ ᠲᠦᠭᠦᠬᠡᠶ ᠮᠠᠲ᠋ᠧᠷᠢᠶᠠᠯ ᠵᠢᠴᠢ ᠮᠢᠺᠷᠣᠪ ᠤᠨ ᠪᠤᠵᠠᠷᠳᠤᠯᠳᠤ ᠮᠠᠲ᠋ᠧᠷᠢᠶᠠᠯ ᠢᠶᠠᠷ ᠢᠳᠡᠭᠡᠨ ᠤ ᠤᠤᠯ ᠮᠠᠲ᠋ᠧᠷᠢᠶᠠᠯ ᠪᠤᠶᠤ ᠲᠤᠰᠠᠯᠠᠬᠤ ᠮᠠᠲ᠋ᠧᠷᠢᠶᠠᠯ ᠪᠣᠯᠭᠠᠬᠤ᠂ ᠬᠤᠳᠠᠯ ᠬᠠᠭᠤᠷᠮᠠᠭ ᠵᠡᠭᠦᠯᠲᠡ ᠬᠠᠳᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ  ᠦᠭᠭᠦᠨ᠎ᠡ᠃ ᠢᠳᠡᠭᠡᠨ ᠤ ᠭᠦᠢᠯᠭᠡᠭᠡᠨ ᠤ ᠶᠠᠪᠤᠴᠠ᠂ ᠬᠥᠳᠡᠭᠡ ᠲᠣᠰᠬᠤᠨ ᠳᠤ ᠬᠠᠨᠳᠤᠭᠤᠯᠤᠭᠰᠠᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠡᠵᠡᠩᠨᠡᠭᠴᠢ ᠪᠠᠷ ᠭᠤᠤᠯᠳᠠᠯᠭ᠎ᠠ ᠪᠤᠯᠭᠠᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠣᠳᠣᠷᠬᠠᠶᠢᠯᠠᠨ ᠪᠠᠶᠢᠴᠠᠭᠠᠵᠤ᠂ ᠡᠷᠦᠬᠡ ᠳᠠᠷᠠᠭᠠᠯᠠᠨ ︽ᠢᠳᠡᠭᠡᠨ ᠤ ᠪᠣᠷᠣᠯᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠳᠠᠩᠰᠠ ᠡᠪᠬᠡᠮᠡᠯ︾ ᠪᠠᠶᠢᠭᠤᠯᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠤᠤᠯᠳᠠᠯᠭ᠎ᠠ ᠲᠠᠢ ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ︔ ᠢᠳᠡᠭᠡᠨ ᠤᠮᠳᠠᠭᠠᠨ ᠤ ᠦᠢᠯᠡᠴᠢᠯᠡᠭᠡᠨ ᠤ  ᠶᠠᠪᠤᠴᠠ᠂ ᠪᠠᠶᠢᠴᠠᠭᠠᠬᠤ ᠠᠵᠢᠯᠲᠠᠨ ᠡᠷᠡᠭᠦᠯ ᠮᠡᠨᠳᠦ ᠶᠢᠨ ᠦᠨᠡᠮᠯᠡᠯ ᠢᠶᠠᠨ ᠠᠪᠴᠤ ᠠᠵᠢᠯ ᠤᠨ ᠪᠠᠶᠢᠷᠢ ᠳᠤ ᠭᠠᠷᠬᠤ ᠪᠠ ᠡᠳᠦᠷ ᠪᠦᠷᠢ ᠶᠢᠨ ᠥᠷᠯᠥᠭᠡ ᠶᠢᠨ ᠪᠠᠶᠢᠴᠠᠭᠠᠯᠲᠠ ᠶᠢᠨ ᠳᠦᠷᠢᠮ  ᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠢᠳᠡᠭᠡᠨ ᠤ ᠲᠦᠬᠦᠬᠡᠢ ᠮᠠᠲ᠋ᠧᠷᠢᠶᠠᠯ ᠤᠨ ᠭᠡᠷᠡᠴᠢ ᠪᠠᠷᠢᠮᠲᠠ ᠠᠪᠬᠤ᠂ ᠬᠠᠳᠠᠭᠠᠯᠠᠬᠤ᠂ ᠡᠳ᠋ᠰᠢᠭᠦᠯᠬᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠬᠥᠮᠦᠰ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠵᠢᠴᠢ ᠬᠦᠢᠲᠡᠨ ᠢᠳᠡᠭᠡᠨ ᠤ ᠲᠥᠷᠥᠯ᠂ ᠲᠦᠭᠦᠬᠡᠶ ᠢᠳᠡᠭᠡᠨ ᠤ ᠲᠥᠷᠥᠯ ᠤᠨ ᠢᠳᠡᠭᠡᠨ ᠢ ᠦᠢᠯᠡᠳᠴᠤ ᠡᠳ᠋ᠰᠢᠭᠦᠯᠬᠦ ᠵᠡᠷᠭᠡ ᠭᠤᠤᠯᠳᠠᠯᠭ᠎ᠠ ᠲᠠᠢ ᠶᠠᠪᠤᠴᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠬᠢᠨᠠᠯᠲᠠ ᠬᠠᠮᠢᠶᠠᠷᠤᠯᠲᠠ ᠳᠤ ᠭᠡᠭᠡᠭᠳᠡᠭᠰᠡᠨ‌ᠣᠷᠣᠨ ᠥᠬᠡᠶ ᠪᠤᠯᠭᠠᠨ᠎ᠠ᠃    ᠬᠥᠳᠡᠭᠡ ᠲᠣᠰᠬᠤᠨ ᠤ ᠢᠳᠡᠭᠡᠨ ᠤ ᠠᠶᠤᠯᠭᠦᠶ ᠶᠢᠨ ᠪᠦᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ  ᠬᠡᠷᠡᠭᠵᠢᠭᠦᠯᠦᠨ᠎ᠡ᠃ ᠨᠢᠭᠡ ᠳᠤ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠬᠤᠶᠠᠷ ᠲᠤ ᠲᠠᠸᠠᠷ ᠤᠨ ᠲᠡᠮᠳᠡᠭ   ᠤᠨ ᠲᠤᠰᠬᠠᠶ ᠬᠡᠷᠡᠭᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠢᠳᠡᠭᠡᠨ ᠤ ᠡᠬᠢ ᠡᠭᠦᠰᠦᠯ ᠢ ᠮᠥᠷᠳᠡᠨ ᠤᠬᠤᠴᠢᠯᠠᠬᠤ ᠡᠷᠴᠢᠮ ᠢ ᠴᠢᠩᠭᠠᠷᠠᠭᠤᠯᠵᠤ᠂ ᠲᠠᠸᠠᠷ ᠤᠨ ᠲᠡᠮᠳᠡᠭ   ᠤᠨ ᠡᠷᠬᠡ ᠳᠤ ᠬᠠᠯᠳᠠᠭᠰᠠᠨ ᠢᠳᠡᠭᠡᠨ ᠦᠢᠯᠡᠳᠪᠤᠷᠢᠯᠡᠬᠦ᠂ ᠪᠣᠷᠣᠯᠠᠭᠤᠯᠬᠤ ᠵᠢᠴᠢ ᠲᠠᠸᠠᠷ ᠤᠨ ᠲᠡᠮᠳᠡᠭ ᠢ ᠳᠠᠷᠤᠮᠠᠯᠯᠠᠨ ᠵᠣᠬᠢᠶᠠᠬᠤ ᠵᠡᠷᠭᠡ  ᠶᠠᠪᠤᠴᠠ ᠳᠤ ᠪᠦᠬᠦ ᠬᠡᠯᠬᠢᠶᠡᠰᠦ ᠶᠢᠨ ᠴᠣᠬᠢᠯᠲᠠ ᠦᠭᠭᠦᠨ᠎ᠡ᠃ ᠭᠤᠷᠪᠠ ᠳᠤ ᠬᠠᠤᠯᠢ ᠶᠢ ᠵᠥᠷᠢᠴᠡᠭᠰᠡᠨ ᠬᠡᠷᠡᠭ ᠢ ᠪᠦᠬᠦ ᠬᠡᠯᠬᠢᠶ᠎ᠡ ᠪᠠᠷ ᠪᠠᠶᠢᠴᠠᠭᠠᠨ ᠰᠢᠢᠳᠪᠤᠷᠢᠯᠡᠵᠦ᠂ ᠬᠠᠤᠯᠢ ᠬᠡᠷᠡᠭᠵᠢᠭᠦᠯᠬᠦ ᠳᠤ ︽ᠠᠭᠤᠴᠢ᠂ ᠰᠤᠯᠠ᠂ ᠵᠥᠭᠡᠯᠡᠨ︾ ᠪᠠᠶᠢᠬᠤ ᠪᠠ ᠡᠷᠡᠭᠦᠤ ᠰᠢᠳᠬᠡᠯ ᠤᠨ ᠬᠡᠷᠡᠭᠵᠢᠭᠦᠯᠦᠯᠲᠡ ᠶᠢᠨ ᠵᠤᠯᠭᠠᠯᠲᠠ ᠲᠦᠭᠵᠢᠷᠡᠯ ᠵᠡᠷᠭᠡ ᠠᠰᠠᠭᠤᠳᠠᠯ ᠢ ᠰᠠᠶᠢᠵᠢᠷᠠᠭᠤᠯᠤᠨ᠎ᠠ᠃ ᠡᠨᠡ ᠤᠳᠠᠭ᠎ᠠ ᠵᠢᠵᠢᠭ ᠦᠢᠯᠡᠳᠭᠡᠯ᠂ ᠵᠢᠵᠢᠭ ᠳᠡᠯᠭᠡᠭᠦᠷ᠂ ᠵᠢᠵᠢᠭ ᠳᠡᠯᠭᠡᠭᠦᠷᠴᠢᠨ᠂ ᠵᠢᠵᠢᠭ ᠬᠤᠭᠤᠯᠠᠨ ᠭᠡᠷ᠂ ᠵᠢᠵᠢᠭ ᠬᠤᠳᠠᠯᠳᠤᠭᠠᠴᠢᠨ ᠵᠡᠷᠭᠡ ᠢᠳᠡᠭᠡᠨ ᠤ ᠦᠢᠯᠡᠳᠪᠤᠷᠢᠯᠡᠯ ᠡᠵᠡᠩᠨᠡᠯᠲᠡ ᠶᠢᠨ ᠭᠤᠤᠯ ᠴᠣᠭᠴᠠ ᠪᠣᠯᠤᠨ ᠬᠥᠳᠡᠭᠡ ᠲᠤᠰᠬᠤᠨ  ᠳᠤ ᠬᠠᠨᠳᠤᠭᠤᠯᠤᠭᠰᠠᠨ ᠢᠳᠡᠭᠡᠨ ᠤ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠭᠤᠤᠯ ᠴᠣᠭᠴᠠ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢᠶᠠᠷ ᠭᠤᠤᠯᠳᠠᠯᠭ᠎ᠠ ᠪᠤᠯᠭᠠᠵᠦ᠂ ᠬᠥᠳᠡᠭᠡ ᠲᠣᠰᠬᠤᠨ ᠤ ᠢᠳᠡᠭᠡᠨ ᠤ ᠠᠶᠤᠯᠭᠦᠶ ᠶᠢᠨ ᠲᠤᠪᠤᠶᠢᠮ᠎ᠠ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠡ᠃︵ᠰᠤᠷᠪᠤᠯᠵᠢᠯᠠᠭᠴᠢ ᠴᠢ ᠰᠢᠶᠣᠤ ᠶᠠᠨ︶http://mongol.people.com.cn/15826568.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ