ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠡᠭᠦᠳᠦᠯᠲᠡ ᠵᠢᠨ‌ᠦᠷ᠎ᠡ ᠪᠦᠲᠦᠭᠡᠯ ᠤᠨ ᠦᠵᠡᠭᠦᠯᠦᠯᠭᠡ ᠳᠥᠷᠪᠡᠨ ᠲᠠᠪᠴᠠᠩ ᠪᠠᠶᠢᠭᠤᠯᠪᠠ
ᠨᠡᠶᠢᠲᠡᠯᠡᠭᠰᠡᠨ ᠴᠠᠭ᠄
2020/10/15
       ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠡᠭᠦᠳᠦᠯᠲᠡ ᠶᠢᠨ ᠦᠷ᠎ᠡ ᠪᠦᠲᠦᠭᠡᠯ ᠤᠨ ᠦᠵᠡᠭᠦᠯᠦᠯᠭᠡ ᠥᠨᠳᠥᠷᠯᠡᠪᠡ᠃ ᠲᠤᠰ ᠤᠳᠠᠭᠠᠨ ᠤ ᠦᠷ᠎ᠡ ᠪᠦᠲᠦᠭᠡᠯ ᠤᠨ ᠦᠵᠡᠭᠦᠯᠦᠯᠭᠡ ᠨᠢ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠲᠦᠮᠡᠨ ᠳᠤ ᠣᠶᠢᠯᠡᠴᠢᠯᠡᠬᠦ ᠠᠷᠭ᠎ᠠ ᠪᠠᠷᠢᠯ ᠢ ᠰᠢᠨᠡᠴᠢᠯᠡᠵᠦ ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠵᠡᠷᠭᠡ ᠲᠠᠯ᠎ᠠ ᠪᠠᠷ ᠠᠰᠢᠭᠲᠠᠶ ᠬᠠᠶᠢᠨ ᠰᠦᠪᠡᠭᠴᠢᠯᠡᠯᠲᠡ ᠬᠢᠪᠡ᠃ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠰᠢᠨ᠎ᠡ ᠶᠢ ᠡᠭᠦᠳᠬᠦ ᠳᠠᠭᠠᠭᠤᠯᠤᠭᠴᠢ ᠶᠢ ᠰᠣᠯᠢᠯᠴᠠᠭᠤᠯᠬᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠬᠤ ᠂ ᠠᠵᠢᠯᠳᠠᠨ ᠠᠵᠢᠯᠴᠢᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠰᠤᠳᠤᠯᠤᠨ ᠶᠠᠷᠢᠯᠴᠠᠬᠤ ᠰᠣᠯᠢᠯᠴᠠᠭ᠎ᠠ ᠬᠢᠬᠦ ᠲᠦᠷᠪᠡᠨ ᠲᠠᠪᠴᠠᠩ ᠢ ᠪᠠᠶᠢᠭᠤᠯᠪᠠ᠃ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠠᠨᠢᠯᠴᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠵᠦ᠂ 22 ᠠᠵᠤ ᠠᠬᠤᠶᠢᠯᠠᠯ ᠵᠢᠴᠢ ᠰᠢᠨ᠎ᠡ ᠣᠶᠢᠯᠡᠳᠬᠦᠨ ᠢ ᠲᠣᠭᠯᠠᠯᠲᠠ ᠭᠠᠷᠭᠠᠬᠤ ᠠᠷᠭ᠎ᠠ ᠮᠠᠶ᠋ᠢᠭ ᠢᠶᠠᠷ ᠳᠡᠯᠭᠡᠨ ᠦᠵᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠶᠢᠯᠠᠭᠠᠭᠳᠠᠬᠤᠨ ᠪᠣᠯᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠢ ᠤᠯᠠᠮᠵᠢᠯᠠᠨ ᠳᠡᠯᠭᠡᠷᠡᠭᠦᠯᠵᠦ᠂ 63 ᠰᠢᠨ᠎ᠡ ᠰᠢᠯᠢᠳᠡᠭ ᠦᠷ᠎ᠡ ᠪᠦᠲᠦᠭᠡᠯ ᠢ ᠰᠢᠯᠭᠠᠷᠠᠭᠤᠯᠬᠤ ᠶᠢᠨ ᠬᠠᠮᠲᠤ᠂ ᠬᠥᠬᠢᠭᠦᠯᠦᠨ ᠰᠠᠶᠢᠰᠢᠶᠠᠵᠠᠢ︔ ᠪᠦᠬᠦ ᠣᠷᠣᠨ ᠤ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠠᠮᠵᠢᠯᠲᠠ ᠲᠠᠢ ᠡᠷᠬᠢᠯᠡᠵᠦ᠂ ᠰᠢᠨ᠎ᠡ ᠶᠢ ᠡᠭᠦᠳᠬᠦ ᠠᠵᠢᠯ ᠤᠨ ᠲᠠᠰᠤᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠵᠢᠴᠢ  ᠣᠶᠢᠯᠡᠳᠣᠯ ᠢ ᠪᠠᠳᠠᠷᠠᠭᠤᠯᠬᠤ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠤᠨ ᠲᠣᠭᠤᠷᠢᠨ ᠳᠤ ᠰᠤᠷᠤᠯᠴᠠᠨ ᠰᠣᠯᠢᠯᠴᠠᠵᠤ᠂ ᠪᠥᠬᠦ ᠣᠷᠣᠨ ᠤ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠶᠢᠷᠢᠯᠠᠭᠤᠯᠤᠯᠲᠠ ᠬᠢᠪᠡ︔ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ  ᠪᠦᠬᠦ ᠬᠡᠯᠬᠢᠶ᠎ᠡ ᠣᠶᠢᠯᠡᠴᠢᠯᠡᠭᠡ᠂ ᠪᠦᠬᠦ ᠲᠠᠯ᠎ᠠ ᠶᠢᠨ ᠳᠡᠮᠵᠢᠯᠭᠡ᠂ ᠪᠦᠬᠦ ᠶᠠᠪᠤᠴᠠ ᠶᠢᠨ ᠪᠠᠲᠤᠯᠠᠭ᠎ᠠ  ᠬᠠᠩᠭᠠᠵᠣ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠣᠯᠢᠯᠴᠠᠨ ᠳᠡᠯᠭᠡᠷᠡᠭᠦᠯᠬᠦ ᠪᠠ ᠬᠤᠪᠢᠷᠠᠭᠤᠯᠤᠨ ᠬᠡᠷᠡᠭᠯᠡᠬᠦ ᠶᠢ  ᠶᠡᠬᠡᠪᠡᠷ  ᠠᠬᠢᠭᠤᠯᠵᠠᠢ︔ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠠᠮᠵᠢᠯᠲᠠ ᠲᠠᠢ ᠪᠠᠷ ᠡᠷᠬᠢᠯᠡᠵᠦ᠂ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠪᠣᠯᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠮᠥᠩᠭᠦᠨ ᠬᠦᠢᠯᠭᠡᠭᠡᠨ  ᠤ  ᠬᠦᠷᠢᠶᠡᠨ ᠤ ᠲᠣᠰᠠᠬᠠᠢ ᠮᠡᠷᠭᠡᠵᠢᠯᠳᠡᠨ᠂ ᠲᠣᠮᠣ ᠤᠯᠤᠰ ᠤᠨ ᠤᠷᠠᠨ ᠳᠠᠷᠬᠠᠨ᠂ ᠬᠥᠬᠡ ᠵᠠᠭᠠᠮᠠᠳᠠᠨ   ᠤ ᠮᠡᠷᠭᠡᠵᠢᠯᠳᠡᠨ ᠵᠡᠷᠭᠡ ᠶᠢ ᠤᠷᠢᠵᠤ ᠳᠡᠭᠡᠳᠦ ᠲᠠᠰ ᠤᠨ ᠦᠵᠡᠯ  ᠰᠠᠨᠠᠭ᠎ᠠ ᠶᠢ ᠲᠥᠪᠯᠡᠷᠡᠭᠦᠯᠦᠨ᠂ ᠣᠶᠤᠨ ᠤᠬᠠᠭᠠᠨ ᠤ ᠣᠴᠢ ᠶᠢ ᠴᠠᠬᠢᠯᠠᠭᠤᠯᠵᠦ᠂ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ  ᠶᠢ  ᠲᠠᠶᠢᠯᠪᠣᠷᠢᠯᠠᠵᠤ᠂ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠡᠭᠦᠳᠦᠯᠲᠡ ᠶᠢ ᠨᠡᠩ ᠰᠠᠶᠢᠨ ᠥᠷᠨᠢᠭᠦᠯᠬᠦ ᠳᠤ ᠣᠨᠣᠯ ᠪᠣᠯᠤᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ  ᠬᠠᠩᠭᠠᠵᠠᠢ᠃    ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠵᠡᠷᠭᠡ 10 ᠨᠢᠭᠡᠴᠡ ︽ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠮᠡᠷᠭᠡᠵᠢᠯ ᠤᠨ ᠡᠭᠦᠳᠦᠯᠲᠡ ᠵᠢᠨ‌ᠦᠷ᠎ᠡ ᠪᠦᠲᠦᠭᠡᠯ ᠤᠨ ᠦᠵᠡᠭᠦᠯᠦᠯᠭᠡ ᠶᠢᠨ ᠰᠠᠶᠢᠨ ᠵᠣᠬᠢᠶᠠᠨ ᠪᠠᠶᠢᠭᠤᠯᠤᠭᠰᠠᠨ ᠨᠢᠭᠡᠴᠡ︾ ᠶᠢᠨ   ᠢᠷᠠᠭᠤ ᠠᠯᠳᠠᠷ ᠢ ᠭᠥᠷᠳᠡᠪᠡ︔ ᠳᠠᠯᠠᠨ ᠬᠠᠷ᠎ᠠ ᠠᠭᠤᠯᠠ ᠶᠢᠨ ᠰᠢ ᠶᠧ ᠪᠠᠶ ᠾᠧ ᠵᠡᠷᠭᠡ 63 ᠲᠥᠷᠥᠯ ᠵᠦᠢᠯ ᠨᠢ  ᠦᠪᠡᠷᠳᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠮᠡᠷᠭᠡᠵᠢᠯ ᠤᠨ ᠡᠬᠦᠳᠦᠯᠲᠡ ᠶᠢᠨ ᠦᠷ᠎ᠡ ᠪᠦᠲᠦᠭᠡᠯ ᠤᠨ ᠦᠵᠡᠭᠦᠯᠦᠯᠭᠡ ᠳᠤ ᠰᠢᠯᠢᠳᠡᠭ ᠰᠢᠨ᠎ᠡ  ᠪᠦᠲᠦᠭᠡᠯ ᠤᠨ ᠱᠠᠩᠨᠠᠯ ᠣᠯᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 12 ᠲᠥᠷᠥᠯ᠂ ᠬᠤᠶᠠᠳᠤᠭᠠᠷ ᠳᠡᠰ ᠤᠨ ᠱᠠᠩᠨᠠᠯ 15 ᠲᠥᠷᠥᠯ᠂ ᠭᠤᠷᠪᠠᠳᠤᠭᠠᠷ ᠳᠡᠰ ᠤᠨ ᠱᠠᠩᠨᠠᠯ 17 ᠲᠦᠷᠦᠯ᠂ ᠰᠢᠯᠢᠳᠡᠭ ᠱᠠᠩᠨᠠᠯ 19  ᠲᠦᠷᠦᠯ ᠪᠤᠢ᠃  ︵ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠰᠦ ᠶᠦᠩ ᠱᠧᠩ︶http://mongol.people.com.cn/15826138.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ