ᠠᠷᠠᠳ ᠤᠨ ᠰᠦᠯᠵᠢᠶ᠎ᠡ ᠶᠢᠨ ᠬᠦᠬᠡᠬᠤᠲᠠ ᠶᠢᠨ 10 ᠰᠠᠷ᠎ᠠ ᠶᠢᠨ 9 ᠤ ᠡᠲᠦᠷ ᠤᠨ ᠮᠡᠲᠡᠭᠡ ︵ ᠰᠤᠷᠪᠤᠯᠵᠢᠯᠠᠭᠴᠢ ᠴᠧᠨ ᠯᠢ ᠭᠧᠩ ︶ 10 ᠰᠠᠷ᠎ᠠ | ᠶᠢᠨ 9 ᠤ ᠡᠲᠦᠷ᠂ ᠰᠤᠷᠪᠤᠯᠵᠢᠯᠠᠭᠴᠢ ᠦᠪᠦᠷ ᠮᠤᠩᠭᠤᠯ ᠤᠨ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠬᠰᠠᠨ ᠢᠶᠠᠷ᠂ ᠨᠠᠢᠮᠠᠨ ᠰᠠᠷ᠎ᠠ ᠶᠢᠨ | ᠲᠡᠷᠭᠡᠯ ᠪᠠᠶᠠᠷ ᠤᠯᠤᠰ ᠤᠨ ᠪᠠᠶᠠᠷ ᠤᠨ ᠠᠯᠲᠠᠨ ᠭᠠᠷᠠᠭ ᠤᠨ 8 ᠡᠲᠦᠷ ᠲᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤᠯᠤᠰ ᠤᠨ | ᠲᠤᠲᠤᠭᠠᠳᠤ ᠭᠠᠲᠠᠭᠠᠳᠤ ᠶᠢᠨ ᠵᠢᠭᠤᠯᠴᠢᠯᠠᠭᠰᠠᠳ ᠢ 1529.77 ᠲᠦᠮᠡᠨ ᠬᠦᠮᠦᠨ ᠤᠲᠠᠭ᠎ᠠ ᠬᠦᠯᠢᠶᠡᠨ ᠠᠪᠴᠤ᠂ ᠬᠠᠷᠢᠴᠠᠭᠤᠯᠵᠤ ᠪᠤᠯᠬᠤᠶᠢᠴᠠ | ᠬᠡᠪᠴᠢᠶᠡᠨ ᠳᠤ ᠨᠢᠳᠤᠨᠤᠨ ᠤ ᠠᠳᠠᠯᠢ ᠬᠤᠭᠤᠴᠠᠭᠠᠨ ᠤ ᠲᠦᠪᠰᠢᠨ ᠤ 91.21% ᠬᠦᠷᠲᠡᠯ᠎ᠡ ᠰᠡᠷᠭᠦᠭᠡᠵᠡᠢ᠃ ᠨᠡᠶᠢᠯᠡᠪᠦᠷᠢ ᠲᠤᠭ᠎ᠠ ᠪᠠᠷ ᠤᠯᠤᠰ ᠤᠨ | ᠲᠤᠲᠤᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠤᠷᠤᠯᠭ᠎ᠠ 57.33 ᠳ᠋ᠦᠩᠰᠢᠭᠤᠷ ᠲᠦᠬᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠲᠦᠪᠰᠢᠨ ᠤ 44.47% ᠬᠦᠷᠲᠡᠯ᠎ᠡ ᠰᠡᠷᠭᠦᠭᠡᠵᠡᠢ᠃ | ᠦᠪᠦᠷ ᠮᠤᠩᠭᠤᠯ ᠤᠨ ᠰᠤᠶᠤᠯ ᠪᠠ ᠵᠢᠭᠤᠯᠴᠢᠯᠠᠯ ᠤᠨ ᠲᠠᠯᠠᠪᠤᠷ ᠨᠤᠭᠤᠳ ᠢ ᠰᠡᠷᠭᠦᠭᠡᠵᠦ ᠪᠤᠯᠬᠤ ᠶᠢ ᠨᠢ ᠪᠦᠬᠦᠲᠡ ᠶᠢ ᠰᠡᠷᠭᠦᠭᠡᠬᠦ ᠲᠦᠷᠦ ᠶᠢᠨ | ᠪᠤᠲᠤᠯᠭ᠎ᠠ ᠶᠢᠨ ᠤᠷᠴᠢᠨ ᠨᠦᠬᠦᠴᠡᠯ ᠲᠤᠤᠷ᠎ᠠ᠂ ᠵᠢᠭᠤᠯᠴᠢᠯᠠᠬᠰᠠᠳ ᠤᠨ ᠰᠤᠩᠭᠤᠯᠲᠠ ᠪᠠ ᠵᠢᠭᠤᠯᠴᠢᠯᠠᠭᠠ ᠶᠢᠨ ᠪᠦᠲᠣᠭᠡᠭᠳᠡᠬᠦᠨ ᠵᠡᠷᠭᠡᠲᠡ ᠨᠡᠮᠡᠭᠲᠡᠵᠤ᠂ | ᠤᠯᠠᠨ ᠲᠦᠮᠡᠨ ᠤ ᠦᠪᠦᠷ ᠮᠤᠩᠭᠤᠯ ᠳᠤ ᠵᠢᠭᠤᠯᠴᠢᠯᠠᠬᠤ ᠬᠡᠷᠡᠭᠴᠡᠭᠡ ᠱᠠᠭᠠᠷᠲᠠᠯᠭ᠎ᠠ ᠴᠠᠭᠠᠰᠢᠲᠠ ᠲᠠᠯᠪᠢᠬᠲᠠᠪᠠ᠃ ᠠᠩᠬᠠᠷᠤᠭᠤᠰᠢᠲᠠᠢ ᠨᠢ ᠭᠡᠪᠡᠯ᠂ ᠦᠪᠦᠷ | ᠮᠤᠩᠭᠤᠯ ᠤᠨ ᠠᠯᠲᠠᠨ ᠭᠠᠷᠠᠭ ᠤᠨ ᠬᠤᠭᠤᠴᠠᠭᠠᠨ᠎ᠠ ᠭᠤᠤᠯᠳᠠᠭᠤ ᠤᠯᠤᠰ ᠤᠨ ᠲᠤᠲᠤᠭᠠᠳᠤ ᠶᠢᠨ ᠬᠤᠨᠤᠭ ᠦᠨᠵᠢᠬᠦᠲᠡ ᠪᠠᠷ ᠢᠷᠡᠵᠦ ᠵᠢᠭᠤᠯᠴᠢᠯᠠᠭᠰᠠᠳ | ᠵᠤᠩᠬᠢᠯᠠᠬᠤ ᠲᠤᠭ᠎ᠠ ᠶᠢ ᠡᠵᠡᠯᠡᠪᠡ᠃ ᠡᠬᠦᠨ ᠤ ᠲᠤᠲᠤᠷ᠎ᠠ᠂ ᠤᠯᠤᠰ ᠤᠨ ᠲᠤᠲᠤᠭᠠᠳᠤ ᠶᠢᠨ ᠬᠤᠨᠤᠭ ᠦᠨᠵᠢᠬᠦᠲᠡ ᠪᠠᠷ ᠢᠷᠡᠵᠦ ᠵᠢᠭᠤᠯᠴᠢᠯᠠᠭᠰᠠᠳ ᠤᠨ | ᠨᠡᠶᠢᠯᠡᠪᠤᠷᠢ ᠲᠤᠭ᠎ᠠ 934.53 ᠲᠦᠮᠡᠨ ᠬᠦᠮᠦᠨ ᠡᠲᠦᠷ ᠬᠦᠷᠴᠦ᠂ ᠤᠯᠤᠰ ᠤᠨ ᠲᠤᠲᠤᠭᠠᠳᠤ ᠶᠢᠨ ᠨᠢᠭᠡ ᠡᠲᠦᠷ ᠤᠨ ᠵᠢᠭᠤᠯᠴᠢᠯᠠᠭᠰᠠᠳ ᠤᠨ ᠨᠡᠶᠢᠯᠡᠪᠤᠷᠢ | ᠲᠤᠭ᠎ᠠ 595.24 ᠲᠦᠮᠡᠨ ᠬᠦᠮᠦᠨ ᠡᠲᠦᠷ ᠬᠦᠷᠪᠡ᠃ | ᠠᠮᠠᠷᠠᠯᠲᠠ ᠶᠢᠨ ᠬᠤᠭᠤᠴᠠᠭᠠᠨ ᠳᠠᠬᠢ ᠵᠢᠭᠤᠯᠴᠢᠯᠠᠯ ᠤᠨ ᠵᠠᠬ᠎ᠠ ᠲᠡᠯᠭᠡᠭᠦᠷ ᠲᠤ ᠪᠠᠰᠠ ᠦᠪᠡᠷ ᠢᠶᠠᠨ ᠲᠡᠷᠭᠡ ᠪᠠᠷᠢᠬᠤ᠂ ᠤᠶᠢᠷ᠎ᠠ ᠵᠠᠭᠤᠷ᠎ᠠ ᠶᠢᠨ | ᠵᠢᠭᠤᠯᠴᠢᠯᠠᠯ᠂ ᠬᠤᠲᠠ ᠲᠡᠭᠦᠷᠭᠡ ᠶᠢᠨ ᠵᠢᠭᠤᠯᠴᠢᠯᠠᠯ ᠢᠶᠠᠷ ᠭᠤᠤᠯᠲᠠᠬᠰᠠᠨ ᠤᠨᠴᠠᠯᠢᠭ ᠢᠯᠡᠷᠡᠵᠡᠢ᠃ ᠡᠬᠦᠨ ᠳᠤ᠂ ᠭᠤᠤᠯᠲᠠᠯᠭ᠎ᠠ ᠪᠤᠯᠬᠤ ᠦᠵᠡᠮᠦᠷᠢ ᠶᠢᠨ | ᠤᠷᠤᠨ ᠲᠤᠭᠤᠷᠢᠭ ᠨᠤᠭᠤᠳ ᠨᠢ ᠵᠢᠭᠤᠯᠴᠢᠯᠠᠬᠰᠠᠳ ᠤᠨ ᠦᠪᠦᠷ ᠮᠤᠩᠭᠤᠯ ᠳᠤ ᠢᠷᠡᠵᠦ ᠵᠢᠭᠤᠯᠴᠢᠯᠠᠬᠤ ᠭᠤᠤᠯ ᠵᠤᠷᠢᠯᠲᠠ ᠶᠢᠨ ᠭᠠᠵᠠᠷ ᠪᠤᠯᠵᠤ᠂ ᠰᠤᠶᠤᠯ | ᠵᠢᠭᠤᠯᠴᠢᠯᠠᠯ ᠤᠨ ᠠᠭᠤᠰᠤᠯᠴᠠᠯ ᠨᠢ ᠵᠢᠭᠤᠯᠴᠢᠯᠠᠬᠰᠠᠳ ᠲᠤ ᠠᠮᠠᠷᠠᠯᠲᠠ ᠶᠢᠨ ᠡᠲᠦᠷ ᠤᠳ ᠤᠨ ᠵᠤᠭ᠎ᠠ ᠴᠡᠩᠭᠡᠯ ᠤᠯᠭᠤᠬᠰᠠᠨ ᠪᠠᠶᠢᠨ᠎ᠠ᠃ | ᠤᠶᠢᠯᠠᠭᠠᠬᠰᠠᠨ ᠢᠶᠠᠷ᠂ ᠬᠡᠵᠢᠭ ᠤᠨ ᠪᠠᠶᠢᠲᠠᠯ ᠤᠨ ᠬᠤᠭᠤᠴᠠᠭᠠᠨ ᠤ ᠠᠮᠤᠷ ᠲᠦᠪᠰᠢᠨ ᠢ ᠪᠤᠳᠤᠯᠬᠢᠯᠠᠬᠰᠠᠨ ᠪᠠ ᠨᠠᠢᠮᠠᠨ ᠰᠠᠷ᠎ᠠ ᠶᠢᠨ ᠲᠡᠷᠭᠡᠯ ᠪᠠᠶᠠᠷ | ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ᠎ᠠ ᠲᠦᠷᠭᠡᠨ ᠤ ᠵᠠᠮ ᠲᠦᠯᠦᠪᠦᠷᠢ ᠬᠡᠯᠲᠦᠷᠢᠬᠦᠯᠦᠭᠰᠡᠨ ᠠᠴᠠ ᠤᠶᠢᠷ᠎ᠠ ᠵᠠᠭᠤᠷ᠎ᠠ ᠶᠢᠨ ᠵᠢᠭᠤᠯᠴᠢᠯᠠᠯ᠂ | ᠬᠤᠲᠠ ᠲᠡᠭᠦᠷᠭᠡ ᠶᠢᠨ ᠵᠢᠭᠤᠯᠴᠢᠯᠠᠯ ᠪᠠ ᠦᠪᠡᠷ ᠢᠶᠠᠨ ᠲᠡᠷᠭᠡ ᠪᠠᠷᠢᠵᠤ ᠵᠢᠭᠤᠯᠴᠢᠯᠠᠬᠤ ᠨᠢ ᠦᠪᠦᠷ ᠮᠤᠩᠭᠤᠯ ᠤᠨ ᠵᠢᠭᠤᠯᠴᠢᠯᠠᠯ ᠤᠨ ᠭᠤᠤᠯ ᠤᠷᠤᠰᠬᠠᠯ | ᠠᠷᠭ᠎ᠠ ᠪᠠᠷᠢᠯ ᠪᠤᠯᠪᠠ᠃ ᠬᠦᠯᠦᠨ ᠪᠤᠶᠢᠷ ᠤᠨ ᠲᠠᠯ᠎ᠠ ᠨᠤᠲᠤᠭ᠂ ᠬᠤᠷᠴᠢᠨ ᠤ 500 ᠺᠢᠯᠤᠮᠧᠲᠷ ᠤᠨ ᠦᠵᠡᠮᠵᠢ ᠶᠢᠨ ᠵᠠᠮ ᠢᠶᠠᠷ ᠦᠪᠡᠷ ᠢᠶᠠᠨ ᠲᠡᠷᠭᠡ | ᠪᠠᠷᠢᠵᠤ ᠵᠢᠭᠤᠯᠴᠢᠯᠠᠬᠤ ᠱᠤᠭᠤᠮ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠦᠷᠭᠡᠨ ᠵᠠᠮ᠂ ᠪᠠᠶᠠᠨᠨᠠᠭᠤᠷ᠂ ᠦᠬᠠᠢ | ᠬᠤᠳᠠ ᠬᠢᠭᠡᠳ ᠠᠯᠠᠱᠠ ᠠᠶᠢᠮᠠᠭ ᠤᠨ ᠪᠠᠷᠠᠭᠤᠨ ᠪᠡᠶ᠎ᠡ ᠪᠠᠷ ᠦᠪᠡᠷ ᠢᠶᠠᠨ ᠲᠡᠷᠭᠡ ᠪᠠᠷᠢᠵᠤ ᠵᠢᠭᠤᠯᠴᠢᠯᠠᠬᠤ ᠵᠠᠮ ᠵᠡᠷᠭᠡ ᠨᠢ ᠦᠷᠭᠡᠨ ᠤᠯᠠᠨ | ᠵᠢᠭᠤᠯᠴᠢᠯᠠᠬᠰᠠᠳ ᠤᠨ ᠪᠠᠬ᠎ᠠ ᠶᠢ ᠲᠠᠲᠠᠪᠠ᠃ ᠮᠦᠽᠸᠢ᠂ ᠲᠤᠷᠠᠰᠬᠠᠯ ᠤᠨ ᠤᠷᠲᠤᠨ ᠵᠡᠷᠭᠡ ᠲᠡᠦᠬᠡᠨ ᠲᠤᠷᠠᠰᠬᠠᠯ ᠮᠦᠽᠸᠢ ᠬᠡᠯᠪᠡᠷᠢ ᠶᠢᠨ ᠵᠢᠭᠤᠯᠴᠢᠯᠠᠯ ᠤᠨ | ᠴᠢᠭ ᠨᠦᠭᠦᠳ ᠬᠦᠮᠦᠰ ᠲᠤ ᠲᠠᠭᠠᠰᠢᠶᠠᠬᠲᠠᠬᠰᠠᠨ ᠠᠴᠠ ᠵᠢᠭᠤᠯᠴᠢᠯᠠᠬᠰᠠᠳ ᠤᠨ ᠲᠤᠭ᠎ᠠ ᠮᠠᠰᠢ ᠲᠦᠷᠭᠡᠨ ᠨᠡᠮᠡᠭᠲᠡᠵᠡᠢ᠃ ᠦᠵᠦᠮ ᠤᠨ ᠬᠦᠷᠢᠶᠡᠯᠡᠩ ᠵᠡᠷᠭᠡ | ᠲᠠᠷᠢᠶᠠᠴᠢᠨ ᠠᠶᠢᠯ ᠳᠠᠬᠢ ᠡᠯ᠎ᠡ ᠵᠦᠢᠯ ᠤᠨ ᠦᠵᠡᠮᠵᠢ ᠶᠢ ᠰᠤᠨᠢᠷᠬᠠᠨ ᠰᠡᠯᠡᠬᠦᠴᠡᠨ ᠵᠤᠭᠠᠯᠠᠬᠤ ᠨᠢ ᠭᠡᠷ ᠪᠦᠯᠢ ᠪᠠᠷ ᠢᠶᠠᠨ ᠵᠢᠭᠤᠯᠴᠢᠯᠠᠬᠰᠠᠳ ᠤᠨ ᠭᠤᠤᠯ | ᠰᠤᠩᠭᠤᠯᠲᠠ ᠪᠤᠯᠤᠬᠰᠠᠨ ᠪᠠᠶᠢᠨ᠎ᠠ᠃ | http://mongol.people.com.cn/15826142.html |