ᠬᠥᠬᠡᠬᠤᠲᠠ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠳᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠶᠢᠳᠠᠪᠣᠷᠢᠵᠢᠭᠤᠯᠪᠠ
ᠨᠡᠶᠢᠲᠡᠯᠡᠭᠰᠡᠨ ᠴᠠᠭ᠄
2020/10/16
    2019 ᠣᠨ ᠤ 11 ᠰᠠᠷ᠎ᠠ ᠶᠢᠨ 15 ᠤ ᠡᠳᠦᠷ ᠠᠴᠠ 12 ᠰᠠᠷ᠎ᠠ ᠶᠢᠨ 9 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠨᠢᠭᠡᠳᠦᠭᠡᠷ ᠳᠤᠭᠤᠶᠢᠯᠠᠩ ᠬᠥᠬᠡᠬᠤᠲᠠ  ᠳᠤ 25 ᠡᠳᠦᠷ ᠤᠨ ᠬᠤᠭᠤᠴᠠᠭ᠎ᠠ ᠲᠠᠢ  ᠬᠢᠨᠠᠨ ᠪᠠᠶᠢᠴᠠᠭᠠᠬᠤ ᠠᠵᠢᠯ ᠢ ᠥᠷᠨᠢᠭᠦᠯᠵᠡᠢ᠃ 2020 ᠣᠨ ᠤ 5 ᠰᠠᠷ᠎ᠠ ᠶᠢᠨ 17 ᠤ ᠡᠳᠦᠷ ᠬᠥᠬᠡᠬᠤᠲᠠ ᠳᠤ ᠬᠢᠨᠠᠨ ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠪᠠ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠡᠭᠦᠨ ᠢ ᠲᠡᠭᠡᠳᠣ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠪᠤᠵᠠᠷᠳᠤᠯ ᠢ ᠰᠡᠷᠭᠡᠶᠢᠯᠡᠨ ᠵᠠᠰᠠᠬᠤ  ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠲᠡᠭᠦᠰᠬᠡᠯ ᠤᠨ ᠵᠢᠯ ᠪᠣᠯᠤᠨ᠎ᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠰᠢᠯᠭᠠᠨ ᠠᠪᠬᠤ ᠵᠢᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠥ᠂ ᠭᠦᠨᠵᠡᠭᠡᠶ ᠡᠷᠭᠢᠴᠡᠭᠦᠯᠦᠨ ᠪᠣᠳᠣᠵᠤ ᠰᠡᠷᠡᠮᠵᠢ ᠠᠪᠴᠤ  ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠶᠢ ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠰᠠᠬᠢᠭᠴᠢ ᠪᠣᠯᠬᠤ ᠪᠣᠳᠠᠲᠠᠶ ᠠᠵᠢᠯᠯᠠᠭ᠎ᠠ  ᠪᠣᠯᠭᠠᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠥᠪᠡᠷ ᠤᠨ ᠪᠡᠶ᠎ᠡ ᠪᠠᠷ ᠢᠶᠠᠨ ᠭᠠᠷ ᠬᠥᠳᠡᠯᠵᠦ᠂ ᠥᠪᠡᠷ ᠢᠶᠠᠨ ᠲᠣᠬᠢᠷᠠᠭᠤᠯᠬᠤ ᠶᠢ  ᠪᠠᠷᠢᠮᠳᠠᠯᠠᠵᠣ᠂ ᠲᠥᠰᠦᠯ ᠢᠶᠠᠨ ᠨᠠᠷᠢᠯᠢᠭᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠡᠭᠡᠳᠣ ᠬᠡᠮᠵᠢᠶ᠎ᠡ ᠪᠠᠷ ᠬᠠᠷᠢᠭᠤᠴᠠᠬᠤ ᠣᠪᠣᠷ ᠪᠠ ᠯᠠᠪᠳᠠᠭᠤᠨ ᠪᠠᠲᠤᠲᠠᠶ ᠬᠦᠴᠦᠲᠡᠶ ᠠᠷᠭ᠎ᠠ ᠬᠡᠮᠵᠢᠶ᠎ᠡ ᠪᠠᠷ ᠡᠯ᠎ᠡ ᠲᠥᠷᠥᠯ ᠤᠨ ᠬᠢᠨᠠᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠠᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠦᠪᠡᠷᠳᠡᠭᠡᠨ ᠵᠠᠰᠠᠬᠤ ᠣᠷᠣᠨ ᠤ  ᠡᠯ᠎ᠡ ᠲᠥᠷᠥᠯ ᠤᠨ ᠬᠢᠨᠠᠨ ᠪᠠᠶᠢᠴᠠᠭᠠᠬᠤ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠱᠤᠷᠠᠭ ᠢ ᠱᠠᠲᠤ ᠱᠠᠲᠤ ᠪᠠᠷ ᠴᠢᠩᠭᠠᠯᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠳᠠᠶᠢᠵᠢᠭᠤᠯᠬᠤ ᠬᠡᠷᠡᠭᠲᠠᠢ᠃ ᠬᠤᠲᠠ ᠶᠢᠨ ᠨᠠᠮ ᠤᠨ ᠬᠤᠷᠢᠶ᠎ᠠ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠤᠲᠠ ᠶᠢᠨ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠣᠬᠢᠷᠠᠭᠤᠯᠤᠯᠲᠠ  ᠬᠢᠬᠦ ᠬᠡᠷᠡᠭᠲᠡᠶ᠃ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠪᠡᠶ᠎ᠡ ᠪᠠᠷ ᠢᠶᠠᠨ ᠠᠳᠬᠤᠵᠤ᠂ ᠪᠡᠶ᠎ᠡ ᠪᠠᠷ ᠢᠶᠠᠨ ᠬᠠᠮᠢᠶᠠᠷᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ  ᠪᠡᠶᠡᠯᠡᠬᠦᠯᠬᠦ ᠬᠡᠷᠡᠭᠲᠡᠶ᠃ ᠠᠷᠠᠳ ᠣᠯᠠᠨ ᠤ ︽ᠰᠡᠳᠬᠢᠯ ᠰᠠᠨᠠᠭᠠᠨ ᠤ ᠵᠣᠪᠠᠯᠠᠩ︾ ᠢ ᠰᠢᠢᠳᠪᠣᠷᠢᠯᠡᠬᠦ ᠶᠠᠪᠤᠳᠠᠯ ᠢ ᠴᠢᠬᠤᠯᠠ ᠠᠴᠠ ᠴᠢᠬᠤᠯᠠ  ᠵᠣᠶᠢᠯ ᠪᠣᠯᠭᠠᠵᠤ᠂ ᠬᠠᠮᠤᠭ ᠤᠨ ᠶᠡᠭᠡ ᠡᠷᠡᠰ ᠵᠣᠷᠢᠭ ᠪᠠ ᠬᠠᠮᠤᠭ ᠤᠨ ᠴᠢᠩᠭ᠎ᠠ ᠠᠵᠢᠯ ᠤᠨ ᠡᠷᠴᠢᠮ ᠢᠶᠠᠷ ᠲᠥᠪ ᠬᠤᠲᠠ ᠶᠢᠨ ᠠᠭᠠᠷ ᠤᠨ ᠪᠤᠵᠠᠷᠳᠤᠯ ᠤᠨ ᠠᠰᠠᠭᠤᠳᠠᠯ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠦᠨᠡᠨ ᠬᠦ ᠵᠠᠰᠠᠬᠤ᠂ ᠪᠣᠳᠠᠲᠠᠶ ᠵᠠᠰᠠᠬᠤ ᠶᠢ ᠴᠢᠩᠭᠠᠳᠬᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ ᠶᠢ ᠪᠠᠷᠢᠮᠲᠠᠯᠠᠵᠤ᠂ ︽ᠪᠢᠲᠡᠭᠦᠤ ᠴᠠᠭᠠᠷᠢᠭᠲᠤ ᠠᠵᠢᠯ ᠤᠨ ᠠᠷᠭ᠎ᠠ︾ ᠪᠠᠷ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠦ᠂ ᠶᠠᠪᠤᠳᠠᠯ ᠪᠣᠯᠭᠠᠨ ᠢ ᠬᠠᠷᠢᠭᠤ ᠲᠤᠰᠬᠠᠵᠦ᠂ ᠵᠣᠶᠢᠯ ᠵᠤᠷᠪᠤᠰ ᠢᠶᠠᠷ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠣᠭᠰᠠᠨ ᠦᠷ᠎ᠡ ᠪᠦᠲᠦᠭᠡᠯ ᠨᠢ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠳᠣᠯᠠᠬᠤ ᠬᠡᠷᠡᠭᠲᠠᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠴᠡᠭᠴᠡᠯᠡᠨ ᠰᠠᠶᠢᠵᠢᠷᠠᠭᠤᠯᠬᠤ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠪᠠ ᠠᠰᠠᠭᠤᠳᠠᠯ ᠢ ᠴᠡᠭᠴᠡᠯᠡᠨ ᠵᠠᠰᠠᠬᠤ ᠶᠢ ᠬᠠᠮᠲᠤ ᠳᠤᠨᠢ  ᠠᠳᠬᠤᠵᠤ᠂ ᠠᠭᠠᠷ ᠮᠠᠨᠳᠠᠯ ᠤᠨ ᠪᠤᠵᠠᠷᠳᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠳᠤᠮᠳᠠ ᠲᠤᠰᠢᠶᠠᠯ ᠬᠠᠷᠢᠭᠤᠴᠠᠯᠭ᠎ᠠ ᠪᠠᠨ ᠬᠦᠢᠴᠡᠳ ᠬᠦᠢᠴᠡᠳᠬᠡᠭᠰᠡᠨ ᠦᠭᠡᠢ᠂ ᠬᠦᠨᠳᠦ ᠨᠣᠴᠢᠲᠠᠶ ᠨᠥᠯᠥᠭᠡ ᠭᠠᠷᠭᠠᠭᠰᠠᠨ ᠭᠠᠵᠠᠷ ᠣᠷᠣᠨ᠂ ᠰᠠᠯᠠᠭ᠎ᠠ ᠮᠥᠴᠢᠷ ᠪᠠ ᠬᠠᠷᠢᠭᠤᠴᠠᠯᠭ᠎ᠠ ᠲᠠᠢ ᠬᠥᠮᠦᠨ ᠠᠴᠠ ᠡᠷᠡᠰ ᠬᠠᠷᠢᠭᠤᠴᠠᠯᠭ᠎ᠠ ᠨᠡᠬᠡᠮᠵᠢᠯᠡᠨ᠎ᠡ ᠭᠡᠵᠡᠢ᠃    ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤᠷᠢᠳ ᠬᠤᠵᠢᠳ ᠠᠷᠪᠠ ᠭᠠᠷᠤᠶ ᠤᠳᠠᠭ᠎ᠠ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠰᠢᠰᠲ᠋ᠧᠮ ᠲᠠᠢ ᠪᠠᠷ ᠲᠣᠬᠢᠷᠠᠭᠤᠯᠬᠤ ᠪᠠ ᠵᠣᠬᠢᠴᠠᠭᠤᠯᠤᠨ ᠠᠬᠢᠭᠤᠯᠵᠤ᠂ ︽ᠬᠥᠬᠡᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠰᠤᠳᠤᠯᠤᠨ ᠲᠣᠭᠲᠠᠭᠠᠪᠠ᠃  http://mongol.people.com.cn/15826722.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号