ᠵᠠᠩ ᠪᠠᠢ ᠴᠧᠩ ᠡᠷᠬᠢᠯᠡᠪᠡ | 10 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ 2020 | ᠣᠨ ᠤ 15 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠰᠤᠳᠤᠯᠤᠨ᠂ | ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠦᠵᠡᠯᠲᠡ ᠲᠠᠨᠢᠯᠲᠠ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ | ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠬᠤ ᠡᠯ᠎ᠡ ᠵᠦᠢᠯ ᠤᠨ ᠠᠵᠢᠯ ᠳᠤ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ ᠪᠠᠷ ᠬᠠᠮᠵᠢᠯᠴᠠᠨ | ᠰᠠᠶᠢᠳᠤᠷ ᠬᠢᠬᠦ ᠬᠡᠷᠡᠭᠲᠡᠢ ᠭᠡᠵᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ | ᠲᠤᠭᠤᠶᠢᠯᠠᠩ ᠤᠨ ᠳᠠᠷᠤᠭ᠎ᠠ ᠯᠢ ᠮᠤᠤ ᠯᠢᠨ ᠨᠥᠬᠦᠷ ᠤᠨ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠤᠳᠤᠷᠢᠳᠤᠯᠭ᠎ᠠ ᠯᠢᠦ ᠴᠧᠩ | ᠮᠢᠨ᠂ ᠰᠢᠤᠢ ᠷᠦᠢ ᠰᠢᠶᠠ᠂ ᠪᠢ ᠭᠦᠸᠧ ᠴᠧᠨ᠂ ᠮᠠᠤ ᠪᠦᠦ ᠹᠧᠩ᠂ ᠴᠢᠶᠣᠤ ᠶᠦᠨ ᠯᠢ᠂ ᠵᠠᠩ ᠭᠦᠸᠧ ᠫᠢᠩ᠂ | ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠠᠴᠠ ︽ᠲᠣᠭᠤᠷᠢᠨ | ᠪᠠᠶᠢᠴᠠᠭᠠᠬᠤ ᠠᠵᠢᠯ ᠤᠨ ᠲᠠᠨᠢᠯᠲᠠ ᠪᠠᠨ ᠬᠦᠨᠵᠡᠭᠡᠶᠢᠷᠡᠭᠦᠯᠵᠦ᠂ ᠬᠠᠷᠢᠭᠤ ᠲᠤᠰᠬᠠᠭᠰᠠᠨ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠲᠠᠨᠢᠵᠤ ᠠᠪᠤᠨ᠂ ᠠᠰᠠᠭᠤᠳᠠᠯ ᠤᠨ ᠦᠨᠳᠦᠰᠦ ᠰᠣᠷᠪᠤᠯᠵᠢ ᠶᠢ ᠭᠦᠨ ᠮᠠᠯᠲᠠᠵᠤ ᠨᠠᠷᠢᠨ | ᠪᠠᠶᠢᠴᠠᠭᠠᠨ᠂ ᠲᠣᠭᠤᠷᠢᠨ ᠪᠠᠶᠢᠴᠠᠭᠠᠬᠤ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠬᠤ︾ ᠶᠢᠨ ᠲᠤᠭᠤᠷᠢᠨ | ᠳᠤ ᠰᠠᠨᠠᠯ ᠢᠶᠠᠨ ᠰᠣᠯᠢᠯᠴᠠᠬᠤ ᠦᠭᠡ ᠬᠡᠯᠡᠬᠦ ᠶᠢᠨ ᠬᠠᠮᠲᠤ ᠡᠭᠦᠷᠭᠡᠯᠡᠵᠦ ᠪᠠᠶᠢᠭ᠎ᠠ ᠡᠯ᠎ᠡ ᠵᠦᠢᠯ ᠤᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠵᠠᠩ ᠪᠠᠢ ᠴᠧᠩ ᠵᠢᠭᠠᠵᠤ ᠭᠠᠷᠭᠠᠭᠰᠠᠨ ᠨᠢ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠬᠦᠨ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠪᠠ ᠪᠦᠬᠦ ᠲᠠᠯ᠎ᠠ ᠶᠢᠨ | ᠦᠨᠳᠦᠷᠴᠡ ᠠᠴᠠ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠶᠢᠨ ᠴᠢᠬᠤᠯᠠ ᠴᠢᠨᠠᠷ ᠪᠠ ᠲᠥᠪ ᠴᠢᠩᠭ᠎ᠠ ᠴᠢᠨᠠᠷ ᠢ | ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠲᠡᠭᠡᠷ᠎ᠡ ᠨᠢᠭᠡᠳᠬᠡᠵᠦ᠂ ᠤᠬᠠᠮᠰᠠᠷ ᠠᠴᠠ ᠪᠠᠨ ᠦᠨᠡᠨᠴᠢ ᠪᠠᠷ ᠬᠢᠨᠠᠯᠲᠠ ᠬᠦᠯᠢᠶᠡᠵᠦ᠂ | ᠦᠭᠡᠷᠡᠴᠢᠯᠡᠨ ᠰᠠᠶᠢᠵᠢᠷᠠᠭᠤᠯᠬᠤ ᠠᠰᠠᠭᠤᠳᠠᠯ ᠢ ᠨᠠᠷᠢᠨ ᠬᠢᠨᠠᠮᠠᠭᠠᠶ ᠲᠤᠩᠭᠠᠨ ᠪᠣᠳᠤᠵᠤ᠂ ᠲᠣᠭᠤᠷᠢᠨ ᠪᠠᠶᠢᠴᠠᠭᠠᠬᠤ | ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠦᠢᠯᠡᠴᠢᠯᠡᠭᠡᠨ ᠤ ᠪᠠᠲᠤᠯᠠᠭ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠳᠡᠢ ᠭᠡᠵᠡᠢ᠃ | ᠵᠠᠩ ᠪᠠᠢ ᠴᠧᠩ ᠴᠢᠬᠤᠯᠠᠴᠢᠯᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ ᠬᠦᠴᠦ ᠪᠠᠨ ᠲᠦᠪᠯᠡᠷᠡᠭᠦᠯᠵᠦ᠂ ᠺᠠᠳ᠋ᠷ ᠨᠢᠭᠡᠪᠦᠷᠢ | ᠴᠥᠮ ᠡᠵᠡᠨ ᠬᠥᠮᠦᠨ ᠤ ᠤᠬᠠᠮᠰᠠᠷ ᠢ ᠪᠣᠶ ᠪᠣᠯᠭᠠᠵᠤ᠂ ᠰᠠᠯᠠᠭ᠎ᠠ ᠮᠥᠴᠢᠷ ᠨᠢᠭᠡᠪᠦᠷᠢ ᠴᠥᠮ ︽ᠪᠥᠬᠦ ᠦᠶᠡᠯᠡᠯ ᠤᠨ | ᠬᠤᠭᠤᠴᠠᠭ᠎ᠠ︾ ᠶᠢᠨ ᠤᠬᠠᠮᠰᠠᠷ ᠢ ᠪᠣᠶ ᠪᠣᠯᠭᠠᠵᠤ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ︽ᠬᠠᠲᠠᠭᠤ | ᠠᠷᠭ᠎ᠠ ᠬᠡᠮᠵᠢᠶ᠎ᠡ︾ ᠪᠠᠷ ᠳᠠᠮᠵᠢᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ︽ᠵᠥᠭᠡᠯᠡᠨ ᠪᠣᠳᠠᠲᠤ | ᠬᠦᠴᠦᠨ︾ ᠢ ᠪᠣᠶ ᠪᠣᠯᠭᠠᠬᠤ ᠬᠡᠷᠡᠭᠲᠡᠶ᠃ ᠲᠤᠰᠬᠠᠶ ᠲᠣᠭᠤᠷᠢᠨ ᠪᠠᠶᠢᠴᠠᠭᠠᠯᠲᠠ ᠶᠢ ᠪᠦᠬᠦ ᠬᠦᠴᠦᠨ ᠢᠶᠠᠷ ᠢᠶᠠᠨ | ᠳᠡᠮᠵᠢᠵᠦ ᠬᠠᠮᠵᠢᠯᠴᠠᠨ᠂ ᠠᠵᠢᠯ ᠢ ᠨᠢᠭᠡᠳᠦᠯᠲᠡᠢ ᠲᠦᠯᠦᠪᠯᠡᠬᠦ ᠪᠠᠨ ᠴᠢᠩᠭᠠᠳᠬᠠᠵᠤ᠂ ᠲᠤᠰᠢᠶᠠᠭᠰᠠᠨ ᠡᠯ᠎ᠡ | ᠵᠦᠢᠯ ᠤᠨ ᠠᠵᠢᠯ ᠢ ᠨᠠᠷᠢᠨ ᠬᠢᠨᠠᠮᠠᠭᠠᠶ ᠪᠡᠶᠡᠯᠡᠭᠦᠯᠵᠦ᠂ ᠳᠠᠭᠠᠭᠠᠵᠤ ᠠᠪᠤᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ | ᠪᠠᠨ ᠴᠢᠩᠭ᠎ᠠ ᠨᠢᠮᠪᠠᠶ ᠠᠩᠬᠠᠷᠴᠤ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ | ᠠᠰᠠᠭᠤᠳᠠᠯ ᠳᠠᠬᠢᠨ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ ᠃ ︵ᠯᠢ ᠬᠠᠢ ᠵᠧᠨ︶ |