10 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠠᠮᠤᠭ ᠤᠨ ᠭᠤᠶᠣ ᠬᠡᠷ ᠪᠦᠯᠢ ᠤᠮᠠᠷᠠᠲᠤ ᠬᠢᠯᠢ ᠶᠢ ᠭᠡᠶᠢᠭᠦᠯᠦᠨ᠎ᠡ · | ᠬᠦᠳᠡᠭᠡ ᠳᠠᠯ᠎ᠠ ᠳᠤ ᠬᠦᠰᠡᠯ ᠡᠷᠡᠮᠡᠯᠵᠡᠯ ᠪᠢᠯᠬᠠᠭᠤᠯᠣᠨᠠ︾ 2020 ᠣᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠬᠠᠮᠤᠭ ᠤᠨ ᠭᠤᠶᠣ ᠬᠡᠷ ᠪᠦᠯᠢ ᠶᠢ ᠲᠤᠲᠤᠷᠠᠭᠤᠯᠬᠤ ᠠᠵᠢᠯᠯᠠᠭ᠎ᠠ | ᠡᠷᠭᠢᠯᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2020 ᠣᠨ ᠤ ᠬᠤᠶᠠᠳᠤᠭᠠᠷ ᠪᠦᠯᠦᠭ ᠤᠨ ᠬᠠᠮᠤᠭ ᠤᠨ ᠭᠤᠶᠣ ᠬᠡᠷ ᠪᠦᠯᠢ 100᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2020 ᠣᠨ ᠤ ᠬᠠᠮᠤᠭ ᠤᠨ ᠭᠤᠶᠣ ᠬᠡᠷ ᠪᠦᠯᠢ ᠶᠢᠨ ᠵᠢᠱᠢᠶᠡᠴᠢ ᠡᠷᠦᠬᠡ 50 | ᠲᠤᠲᠤᠷᠠᠪᠠ᠃ ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠭᠤᠶᠣ ᠬᠡᠷ | ᠪᠦᠯᠢ ᠶᠢᠨ ᠶᠣᠰᠣ ᠰᠤᠷᠲᠠᠬᠤᠨ ᠤ ᠬᠤᠯᠪᠤᠭᠠᠨ ᠤ ᠬᠤᠶᠠᠳᠠᠬᠢ ᠪᠦᠯᠦᠭ ᠤᠨ ᠨᠢᠭᠡᠴᠡ ᠶᠢ ᠨᠡᠶᠢᠲᠡᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠲᠣᠭᠤᠶᠢᠯᠠᠩ ᠤᠨ ᠱᠦᠵᠢ᠂ ᠲᠡᠷᠢᠭᠦᠯᠡᠭᠴᠢ ᠬᠦᠤᠳᠠᠭᠤᠯᠠ ᠠᠵᠢᠯᠯᠠᠭ᠎ᠠ ᠳᠤ ᠣᠷᠣᠯᠴᠠᠭᠰᠠᠨ ᠪᠥᠭᠡᠳ | ᠪᠠᠶᠠᠷ ᠤᠨ ᠦᠭᠡ ᠬᠡᠯᠡᠵᠡᠶ᠃ | ᠬᠦᠤᠳᠠᠭᠤᠯᠠ ᠵᠢᠭᠠᠵᠤ ᠭᠠᠷᠭᠠᠭᠰᠠᠨ ᠨᠢ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭ᠎ᠠ ᠥᠪᠡᠷᠲᠡᠭᠡᠨ ᠵᠠᠰᠠᠬᠤ ᠣᠷᠣᠨ ᠤ 2020 ᠣᠨ ᠤ ᠬᠤᠶᠠᠳᠤᠭᠠᠷ ᠪᠦᠯᠦᠭ ᠤᠨ | ᠬᠠᠮᠤᠭ ᠤᠨ ᠭᠤᠶᠣ ᠭᠡᠷ ᠪᠦᠯᠢ ᠶᠢ ᠬᠠᠶᠢᠬᠤ ᠠᠵᠢᠯᠯᠠᠭ᠎ᠠ ᠶᠢ ᠡᠷᠬᠢᠯᠡᠵᠦ᠂ ᠶᠡᠷᠣᠩᠬᠡᠢ ᠱᠦᠵᠢ ᠰᠢ ᠶᠢᠨ ᠫᠢᠩ ᠤᠨ | ᠭᠡᠷ ᠪᠦᠯᠢ ᠶᠢ ᠴᠢᠬᠤᠯᠠᠴᠢᠯᠠᠵᠤ᠂ ᠭᠡᠷ ᠪᠦᠯᠢ ᠶᠢᠨ ᠰᠤᠷᠭᠠᠨ ᠬᠥᠮᠦᠵᠢᠯ ᠢ ᠴᠢᠬᠤᠯᠠᠴᠢᠯᠠᠵᠤ᠂ ᠭᠡᠷ ᠤᠨ ᠰᠤᠷᠲᠠᠯ ᠢ | ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠣᠣᠱᠯᠠᠭᠤᠯᠣᠨ ᠨᠠᠶᠢᠳᠠᠪᠣᠷᠢᠭᠤᠯᠵᠣ᠂ ᠪᠦᠬᠦ | ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠤᠰᠬᠠᠶ ᠰᠡᠳᠦᠪᠲᠦ ᠶᠠᠷᠢᠯᠴᠠᠬᠤ ᠬᠤᠷᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠦ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠬᠠᠨᠳᠤᠯᠭᠠᠲᠤ | ᠴᠢᠨᠠᠷ ᠪᠠ ᠪᠣᠳᠠᠲᠤ ᠦᠷ᠎ᠡ ᠪᠦᠳᠣᠮᠵᠢᠳᠤ ᠴᠢᠨᠠᠷ ᠢ ᠨᠡᠮᠡᠭᠳᠡᠬᠦᠯᠵᠥ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤᠮᠳᠠᠬᠢ ᠭᠡᠷ ᠤᠨ ᠰᠤᠷᠭᠠᠯ᠂ ᠭᠡᠷ ᠤᠨ ᠰᠤᠷᠲᠠᠯ ᠤᠨ ᠣᠶᠢᠯᠡᠳᠣᠯ ᠢ ᠦᠨᠡᠨ ᠬᠦ ᠪᠠᠳᠠᠷᠠᠭᠤᠯᠵᠤ᠂ | ᠮᠥᠨᠴᠦ ᠪᠦᠬᠦ ᠣᠷᠣᠨ ᠤ ᠥᠷᠭᠡᠨ ᠣᠯᠠᠨ ᠭᠡᠷ ᠪᠦᠯᠢ ᠶᠢ ᠪᠦᠯᠬᠦᠮᠳᠡᠭᠦᠯᠦᠨ ᠨᠢᠭᠲᠠᠷᠠᠭᠤᠯᠵᠤ ᠳᠤᠮᠳᠠᠳᠤ ᠶᠢᠨ | ᠦᠨᠳᠣᠰᠣᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠭᠡᠷ ᠪᠦᠯᠢ ᠶᠢᠨ | ᠪᠠᠶᠢᠭᠤᠯᠤᠯᠲᠠ ᠶᠢ ᠠᠵᠤ ᠠᠬᠤᠶ ᠨᠡᠶᠢᠭᠡᠮ ᠯᠦᠭᠡ ᠵᠡᠷᠭᠡᠪᠡᠷ ᠬᠥᠭᠵᠢᠬᠦ ᠶᠢ ᠲᠦᠯᠬᠢᠨ ᠠᠬᠢᠭᠤᠯᠬᠤ ᠢᠳᠡᠪᠬᠢ | ᠠᠵᠢᠯᠯᠠᠭ᠎ᠠ ᠪᠠ ᠠᠰᠢᠭ ᠲᠠᠢ ᠬᠠᠶᠢᠨ ᠰᠦᠪᠡᠭᠴᠢᠯᠡᠯᠲᠡ ᠪᠤᠯᠭᠠᠬᠤ ᠬᠡᠷᠡᠭᠲᠡᠢ᠃ ᠪᠦᠬᠦ ᠣᠷᠣᠨ ᠤ ᠡᠮᠡᠭᠲᠡᠶᠢᠴᠦᠳ | ᠪᠣᠯᠤᠨ ᠥᠷᠭᠡᠨ ᠣᠯᠠᠨ ᠭᠡᠷ ᠪᠦᠯᠢ ᠬᠠᠮᠤᠭ ᠤᠨ ᠭᠤᠶᠤ ᠭᠡᠷ ᠪᠦᠯᠢ ᠲᠤᠲᠤᠷᠠᠭᠤᠯᠬᠤ ᠠᠵᠢᠯᠯᠠᠭ᠎ᠠ ᠳᠤ ᠢᠳᠡᠪᠬᠢᠲᠡᠢ | ᠣᠷᠣᠯᠴᠠᠵᠤ᠂ ᠭᠡᠷ ᠪᠦᠯᠢ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠪᠠᠷ ᠪᠦᠬᠦ ᠣᠷᠣᠨ ᠤ ᠤᠶᠤᠨ ᠤ | ᠪᠣᠯᠪᠠᠰᠤᠨ ᠤ ᠪᠠᠶᠢᠭᠤᠯᠣᠯᠳᠠ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ | ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠬᠦ ᠳᠤ ᠪᠠᠷᠠᠭᠳᠠᠰᠢ ᠦᠭᠡᠢ | ᠬᠥᠳᠡᠯᠭᠡᠬᠦ ᠬᠦᠴᠦᠨ ᠬᠠᠩᠭᠠᠬᠤ ᠬᠡᠷᠡᠭᠲᠠᠢ ᠭᠡᠪᠡ ᠃ | ᠣᠶᠢᠯᠠᠭᠠᠭᠰᠠᠨ ᠢᠶᠠᠷ᠂ 2015 ᠣᠨ ᠳᠤ ᠬᠠᠮᠤᠭ ᠤᠨ ᠭᠤᠶᠣ ᠬᠡᠷ ᠪᠦᠯᠢ ᠶᠢ ᠬᠠᠶᠢᠬᠤ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠰᠢ᠂ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠯ᠎ᠡ ᠱᠠᠲᠤᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢᠭᠡᠨᠲᠡ ᠡᠯ᠎ᠡ ᠱᠠᠲᠤᠨ ᠤ ᠡᠯ᠎ᠡ ᠲᠥᠷᠥᠯ ᠤᠨ ᠬᠠᠮᠤᠭ ᠤᠨ ᠭᠤᠶᠣ ᠬᠡᠷ | ᠪᠦᠯᠢ ᠶᠢᠨ 10 ᠲᠦᠮᠡ ᠭᠠᠷᠤᠶ ᠨᠡᠶᠢᠲᠡᠯᠢᠭ ᠵᠢᠱᠢᠶ᠎ᠡ ᠶᠢ ᠬᠠᠶᠢᠵᠦ ᠢᠯᠡᠷᠡᠭᠦᠯᠵᠡᠶ᠃ ᠬᠠᠮᠤᠭ ᠤᠨ ᠭᠤᠶᠣ ᠭᠡᠷ | ᠪᠦᠯᠢ ᠶᠢᠨ ᠱᠠᠩᠨᠠᠯ ᠣᠯᠭᠤᠬᠤ ᠶᠣᠰᠣᠯᠠᠯ ᠡᠷᠬᠢᠯᠡᠬᠦ᠂ ᠭᠡᠷ ᠪᠦᠯᠢ ᠶᠢᠨ ᠦᠯᠢᠭᠡᠷ ᠢ ᠤᠬᠠᠭᠤᠯᠤᠨ ᠲᠠᠶᠢᠯᠪᠤᠷᠢᠯᠠᠬᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠢᠷᠠᠭᠤ ᠠᠯᠳᠠᠷ ᠤᠨ ᠰᠠᠮᠪᠠᠷ᠎ᠠ ᠭᠠᠷᠭᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠪᠤᠵᠠᠷᠳᠤᠯ ᠦᠭᠡᠢ ᠬᠥᠭᠵᠢᠯᠲᠡ᠂ ᠦᠢᠯᠡᠰ ᠪᠣᠰᠬᠠᠵᠤ ᠶᠠᠳᠠᠭᠤ ᠠᠴᠠ ᠠᠩᠭᠢᠵᠢᠷᠠᠭᠤᠯᠬᠤ᠂ | ᠦᠨᠳᠦᠰᠦᠲᠡᠨ ᠤ ᠪᠦᠯᠬᠦᠮᠳᠡᠯ᠂ ᠠᠵᠢᠯᠴᠢ ᠠᠷᠪᠢᠴᠢ ᠠᠷᠪᠢᠯᠠᠨ ᠭᠠᠮᠨᠠᠬᠤ᠂ ᠨᠠᠰᠤᠲᠠᠨ ᠢᠶᠠᠨ ᠠᠴᠢᠯᠠᠵᠤ ᠲᠥᠷᠥᠯ | ᠰᠠᠳᠤᠨ ᠢᠶᠠᠨ ᠬᠠᠶᠢᠷᠠᠯᠠᠬᠤ ᠵᠡᠷᠭᠡ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ ᠢ ᠤᠯᠠᠮ ᠨᠢᠭᠡ ᠠᠯᠬᠤᠮ | ᠰᠠᠨᠠᠭᠠᠴᠢᠯᠠᠵᠤ᠂ ᠥᠷᠭᠡᠨ ᠣᠯᠠᠨ ᠡᠮᠡᠭᠲᠡᠶᠢᠴᠦᠳ ᠤᠨ ᠨᠡᠶᠢᠭᠡᠮ ᠤᠨ ᠠᠮᠢᠳᠤᠷᠠᠯ ᠪᠣᠯᠤᠨ ᠭᠡᠷ ᠪᠦᠯᠢ ᠶᠢᠨ | ᠠᠮᠢᠳᠤᠷᠠᠯ ᠳᠠᠬᠢ ᠦᠪᠡᠷᠮᠢᠴᠠ ᠣᠶᠢᠯᠡᠳᠣᠯ ᠢ ᠪᠠᠳᠠᠷᠠᠭᠤᠯᠵᠠᠢ ᠃ | ︵ᠰᠤᠷᠪᠤᠯᠵᠢᠯᠠᠭᠴᠢ ᠯᠢᠶᠠᠩ ᠵᠢᠩ ᠮᠧᠶ︶ | http://mongol.people.com.cn/15826718.html |