ᠪᠡᠭᠡᠵᠢᠩ ᠤᠨ ᠮᠧᠨ ᠳᠧᠦ ᠭᠸᠦ ᠲᠣᠭᠤᠷᠢᠭ ᠨᠢ ᠦᠴᠤᠸᠠᠨ ᠰᠢᠶᠠᠨ ᠲᠠᠢ ᠬᠤᠤᠰᠯᠠᠵᠤ ᠬᠠᠪᠰᠤᠷᠤᠨ | ᠲᠡᠳᠬᠦᠭᠰᠡᠨ ᠠᠴᠠ ᠨᠠᠰᠢ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠣᠨᠣᠴᠠᠲᠠᠢ ᠠᠷᠭ᠎ᠠ | ᠪᠣᠳᠣᠯᠭ᠎ᠠ ᠬᠡᠷᠡᠭᠵᠢᠭᠦᠯᠤᠭ᠍ᠰᠡᠨ ᠠᠴᠠ ᠬᠠᠪᠰᠤᠷᠤᠨ ᠲᠡᠳᠬᠦᠬᠦ ᠠᠵᠢᠯ ᠪᠣᠳᠠᠲᠤ ᠦᠷ᠎ᠡ ᠪᠦᠲᠦᠮᠵᠢ ᠣᠯᠪᠠ᠃ ᠬᠤᠶᠠᠷ | ᠵᠢᠯ ᠭᠠᠷᠤᠢ ᠶᠢᠨ ᠬᠤᠭᠤᠴᠠᠭᠠᠨ ᠳᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ 63 | ᠲᠦᠷᠦᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠦᠴᠤᠸᠠᠨ ᠰᠢᠶᠠᠨ ᠤ ᠠᠵᠤ ᠦᠢᠯᠡᠰ ᠤᠨ ᠬᠥᠭᠵᠢᠯᠲᠡ ᠳᠤ | ᠰᠠᠭᠤᠷᠢ ᠲᠠᠯᠪᠢᠪᠠ᠃ ᠡᠨᠡ ᠬᠤᠭᠤᠴᠠᠭᠠᠨ ᠳᠤ᠂ ᠬᠤᠶᠠᠷ ᠭᠠᠵᠠᠷ ᠤᠨ ᠬᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ | ᠵᠠᠩᠭᠢ ᠶᠢ ᠣᠨᠣᠪᠴᠢ ᠲᠠᠢ ᠵᠣᠯᠭᠠᠭᠤᠯᠬᠤ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠲᠠᠷᠢᠶᠠᠯᠠᠩ ᠤᠨ | ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠲᠦᠷᠭᠡᠨ ᠤᠷᠤᠭᠤᠯᠵᠦ᠂ ᠬᠡᠷᠡᠭᠯᠡᠭᠡ ᠪᠠᠷ ᠶᠠᠳᠠᠭᠤ ᠶᠢ | ᠲᠡᠳᠬᠦᠬᠦ ᠳᠤ ᠬᠦᠴᠦᠨ ᠨᠡᠮᠡᠷᠢᠯᠡᠵᠦ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠮᠵᠢ ᠢᠯᠡᠳᠲᠡ ᠪᠣᠯᠪᠠ᠃ | ᠪᠡᠭᠡᠵᠢᠩ ᠤᠨ ᠮᠧᠨ ᠳᠧᠦ ᠭᠸᠦ ᠲᠣᠭᠤᠷᠢᠭ ᠨᠢ ᠨᠡᠶᠢᠰᠯᠡᠯ ᠤᠨ ᠵᠠᠬ᠎ᠠ ᠳᠡᠯᠭᠡᠭᠦᠷ ᠤᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ ᠢᠶᠠᠷ | ᠳᠠᠮᠵᠢᠭᠤᠯᠤᠨ᠂ ᠥᠪᠥᠷ ᠮᠣᠩᠭᠤᠯ ᠤᠨ ᠪᠤᠵᠠᠷᠳᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠪᠡᠭᠡᠵᠢᠩ ᠳᠤ ᠣᠷᠣᠭᠤᠯᠬᠤ ᠰᠠᠭᠠᠳ ᠦᠭᠡᠶ ᠨᠡᠪᠲᠡᠷᠡᠬᠦ ᠵᠠᠮ ᠢ ᠢᠳᠡᠪᠬᠢᠲᠡᠶ ᠨᠡᠭᠡᠭᠡᠵᠦ᠂ | ᠣᠶᠢᠯᠡᠳᠬᠦᠨ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠶᠢ ᠲᠦᠯᠬᠢᠨ | ᠠᠬᠢᠭᠤᠯᠵᠤ᠂ ᠪᠡᠭᠡᠵᠢᠩ ᠣᠷᠣᠨ ᠤ ᠵᠠᠰᠠᠭ ᠤᠨ ᠣᠷᠳᠣᠨ ᠤ ᠪᠠᠶᠢᠭᠤᠯᠭ᠎ᠠ᠂ ᠣᠯᠣᠰ ᠤᠨ ᠪᠠ ᠬᠤᠪᠢ ᠶᠢᠨ ᠠᠵᠤ | ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠬᠡᠷᠡᠭᠯᠡᠭᠡᠨ ᠢᠶᠠᠷ ᠶᠠᠳᠠᠭᠤ ᠶᠢ | ᠲᠡᠳᠬᠦᠬᠦ ᠭᠤᠣᠯ ᠴᠣᠭᠴᠠ ᠶᠢᠨ ᠬᠡᠷᠡᠭᠴᠡᠭᠡ ᠶᠢ ᠦᠴᠤᠸᠠᠨ ᠰᠢᠶᠠᠨ ᠤ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢᠨ ᠮᠡᠳᠡᠭᠡ ᠵᠠᠩᠭᠢ ᠲᠠᠢ ᠣᠨᠣᠪᠴᠢᠲᠠᠶ ᠵᠣᠯᠭᠠᠭᠤᠯᠬᠤ ᠶᠢ ᠪᠡᠶᠡᠯᠡᠭᠦᠯᠵᠡᠶ᠃ | ᠦᠴᠤᠸᠠᠨ ᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠦᠷᠭᠦᠯᠵᠢᠯᠡᠨ ᠬᠠᠪᠰᠤᠷᠴᠤ ᠪᠡᠭᠡᠵᠢᠩ ᠤᠨ ᠵᠠᠬ᠎ᠠ | ᠲᠡᠯᠬᠡᠬᠦᠷ ᠲᠤ ᠲᠦᠷᠭᠡᠨ ᠤᠷᠤᠭᠤᠯᠪᠠ᠃ ᠡᠨᠡ ᠵᠢᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠦᠷᠦᠭᠦᠯᠡᠨ | 1100 ᠲᠦᠮᠡᠨ ᠲᠥᠭᠦᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ᠂ ᠦᠴᠤᠸᠠᠨ ᠤ ᠠᠵᠤ | ᠠᠬᠤᠶᠢᠯᠠᠯ ᠨᠢ ᠮᠧᠨ ᠳᠧᠦ ᠭᠧᠦ ᠲᠣᠭᠤᠷᠢᠭ ᠲᠤ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ | ᠴᠢᠭ 1᠂ ᠣᠨᠴᠠ ᠪᠦᠲᠦᠭᠡᠭᠳᠡᠬᠦᠨ ᠤ ᠳᠡᠯᠭᠡᠭᠦᠷ 5᠂ ᠬᠡᠳᠤ ᠲᠡᠯᠬᠡᠬᠦᠷ ᠵᠢᠴᠢ ᠨᠡᠶᠢᠭᠡᠮ ᠲᠣᠭᠤᠷᠢᠭ ᠤᠨ | ᠪᠣᠷᠣᠯᠠᠭᠤᠯᠭ᠎ᠠ ᠶᠢᠨ ᠭᠠᠵᠠᠷ 13 ᠶᠢ ᠪᠠᠶᠢᠭᠤᠯᠪᠠ᠃ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ 10 | ᠭᠠᠷᠤᠶ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠮᠧᠨ ᠳᠧᠦ ᠭᠸᠦ ᠲᠣᠭᠤᠷᠢᠭ ᠲᠤ ᠰᠠᠭᠤᠯᠭᠠᠵᠠᠶ᠃ ᠪᠠᠰᠠ ᠮᠧᠨ | ᠳᠧᠦ ᠭᠸᠦ ᠶᠢᠨ ᠪᠡᠭᠡᠵᠢᠩ ᠬᠤᠲᠠ ᠳᠤ ᠡᠷᠬᠢᠯᠡᠭᠰᠡᠨ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠳᠤ | ᠣᠯᠠᠨ ᠤᠳᠠᠭ᠎ᠠ ᠣᠷᠣᠯᠴᠠᠵᠤ᠂ ᠮᠧᠨ ᠳᠧᠦ ᠭᠸᠦ ᠲᠣᠭᠤᠷᠢᠭ ᠤᠨ ᠵᠢᠩ ᠮᠧᠨ ᠬᠤᠳᠠᠯᠳᠤᠭᠠᠨ ᠤ ᠪᠡᠯᠡ | ᠣᠷᠣᠭᠤᠯᠤᠯᠲᠠ ᠶᠢᠨ ᠺᠣᠮᠫᠠᠨᠢ᠂ ᠵᠠᠬ᠎ᠠ ᠲᠡᠯᠬᠡᠬᠦᠷ ᠤᠨ ᠲᠣᠪᠴᠢᠶ᠎ᠠ ᠪᠣᠯᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠦᠴᠤᠸᠠᠨ ᠠᠵᠤ ᠠᠬᠤᠶᠢᠯᠠᠯ ᠢ ᠬᠠᠪᠰᠤᠷᠤᠨ ᠪᠡᠭᠡᠵᠢᠩ ᠳᠤ ᠳᠡᠯᠭᠡᠨ ᠪᠣᠷᠣᠯᠠᠭᠤᠯᠬᠤ᠂ ᠬᠠᠮᠲᠤᠷᠠᠨ | ᠠᠵᠢᠯᠯᠠᠬᠤ᠂ ᠪᠣᠷᠣᠯᠠᠭᠤᠯᠬᠤ ᠠᠷᠭ᠎ᠠ ᠵᠠᠮ ᠢ ᠠᠯᠬᠤᠮ ᠠᠯᠬᠤᠮ ᠢᠶᠠᠷ ᠥᠷᠭᠡᠳᠬᠡᠪᠡ᠃ ᠮᠧᠨ ᠳᠧᠦ ᠭᠸᠦ | ᠲᠣᠭᠤᠷᠢᠭ ᠪᠣᠯᠤᠨ ᠪᠡᠭᠡᠵᠢᠩ ᠬᠤᠲᠠ ᠶᠢᠨ ᠡᠯ᠎ᠡ ᠲᠥᠷᠥᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠳᠤ | ᠭᠦᠨᠵᠡᠭᠡᠶ ᠣᠷᠣᠯᠴᠠᠵᠤ᠂ ᠦᠴᠤᠸᠠᠨ ᠰᠢᠶᠠᠨ ᠤ ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠨᠥᠬᠦᠪᠥᠷᠢ ᠶᠢᠨ ᠲᠥᠷᠥᠯ | ᠵᠦᠢᠯ︾᠂ ︽ᠦᠴᠤᠸᠠ ᠤ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︾᠂ | ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ︾ | ᠵᠡᠷᠭᠡ ᠣᠨᠴᠠᠯᠢᠭᠳᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠡᠷᠡᠭᠵᠢᠭᠦᠯᠦᠯᠲᠡ ᠨᠢ ᠣᠳᠣ | ᠶᠠᠭ ᠨᠡᠷᠡᠲᠦ ᠲᠡᠮᠳᠡᠭᠳᠥ ᠶᠢ ᠲᠠᠨᠢᠯᠴᠠᠭᠤᠯᠬᠤ ᠨᠥᠯᠥᠭᠡᠯᠡᠬᠦ ᠬᠦᠴᠦᠨ ᠤ ᠳᠡᠭᠡᠭᠰᠢᠯᠡᠯᠲᠡ ᠶᠢ ᠠᠬᠢᠭᠤᠯᠵᠤ ᠪᠠᠶᠢᠨ᠎ᠠ᠃ | ᠵᠢᠱᠢᠯᠲᠡ ᠪᠠᠷ᠂ ᠰᠢᠨ᠎ᠡ ᠪᠠᠷ ᠨᠡᠮᠡᠭᠳᠡᠬᠦ ᠪᠣᠷᠣᠯᠠᠭᠤᠯᠭ᠎ᠠ ᠶᠢᠨ ᠬᠡᠮᠵᠢᠶ᠎ᠡ ᠶᠢ 200 ᠲᠦᠮᠡᠨ ᠲᠥᠭᠦᠷᠢᠭ ᠠᠴᠠ | ᠲᠡᠭᠡᠭᠡᠰᠢ ᠶᠢ ᠲᠠᠶᠢᠴᠢᠯᠠᠬᠤ ᠪᠣᠯᠣᠨ᠎ᠠ ᠃ ︵ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠶᠠᠩ ᠯᠢ ᠹᠠᠩ︶ | http://mongol.people.com.cn/15826731.html |