ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/16
ᠵᠠᠩ ᠪᠠᠢ ᠴᠧᠩ ᠡᠷᠬᠢᠯᠡᠵᠦ  ᠯᠥᠸᠧ ᠴᠢᠩ ᠣᠷᠣᠯᠴᠠᠪᠠ      10 ᠳ᠋ᠤᠭᠠᠷ ᠰᠠᠷ᠎ᠠ ᠶᠢᠨ 15 ᠤ ᠣᠷᠣᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 51 ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠲᠠᠯ᠎ᠠ ᠪᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃      ᠵᠠᠩ ᠪᠠᠢ ᠴᠧᠩ  ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠪᠦᠯ ᠨᠠᠮᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ  ᠭᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ  ᠬᠥᠪᠴᠢ ᠶᠢ ᠴᠠᠭ ᠢᠮᠠᠭᠲᠠ  ᠴᠢᠩᠭᠠᠯᠠᠵᠤ᠂ ᠡᠪᠦᠯ ᠨᠠᠮᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 1 + 8 ᠠᠵᠢᠯ ᠤᠨ ᠲᠥᠰᠥᠯ ᠤᠨ ᠡᠯ᠎ᠡ ᠵᠦᠢᠯ ᠤᠨ ᠲᠣᠭᠲᠠᠭᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠪᠣᠳᠠᠲᠠᠢ ᠴᠢᠩᠭ᠎ᠠ ᠠᠳᠬᠤᠵᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠱᠠᠭᠠᠷᠳᠠᠭᠳᠠᠬᠤ ᠠᠮᠢᠳᠤᠷᠠᠯ ᠤᠨ ᠡᠳ᠋ ᠪᠣᠳᠠᠰ ᠪᠠ ᠡᠮᠴᠢᠯᠡᠭᠡ ᠶᠢᠨ ᠡᠳ᠋ ᠪᠣᠳᠠᠰ ᠢ ᠨᠥᠭᠡᠴᠡᠯᠡᠬᠦ ᠠᠵᠢᠯ ᠢ ᠤᠷᠢᠳᠴᠢᠯᠠᠨ ᠬᠢᠵᠦ᠂ ᠡᠪᠦᠯ ᠨᠠᠮᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠯ ᠠᠵᠢᠯ ᠢ ᠭᠦᠢᠴᠡᠳ ᠬᠢᠬᠦ ᠬᠡᠷᠡᠭᠲᠡᠢ︔ ᠣᠯᠠᠨ ᠤᠯᠤᠰ ᠤᠨ ᠨᠢᠰᠬᠡᠯ ᠢ ᠮᠠᠨ ᠤ ᠬᠤᠲᠠ ᠳᠤ ᠬᠤᠪᠢᠶᠠᠷᠢᠯᠠᠨ ᠪᠠᠭᠤᠯᠭᠠᠭᠰᠠᠨ ᠵᠢᠭᠤᠯᠴᠢᠳ ᠢ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠭᠦᠯᠦᠨ ᠵᠥᠭᠡᠭᠡᠪᠦᠷᠢᠯᠡᠬᠦ᠂ ᠪᠠᠭᠤᠳᠠᠯ᠂ ᠲᠤᠰᠠᠭᠠᠷᠯᠠᠬᠤ᠂ ᠡᠮᠨᠡᠯᠭᠡ ᠶᠢᠨ ᠬᠤᠷᠢᠶ᠎ᠠ ᠵᠡᠷᠭᠡ ᠭᠤᠭᠴᠤᠭ᠎ᠠ ᠪᠦᠷᠢ᠂ ᠶᠠᠪᠤᠴᠠ ᠪᠦᠷᠢ ᠶᠢ ᠵᠠᠪᠰᠠᠷ ᠦᠭᠡᠢ ᠵᠣᠯᠭᠠᠭᠤᠯᠵᠤ᠂ ᠶᠡᠷᠦᠩᠬᠡᠢ ᠳᠤ ᠨᠢ ᠪᠦᠬᠦ ᠶᠠᠪᠤᠴᠠ ᠶᠢᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠶᠠᠪᠤᠭᠤᠯᠬᠤ ᠬᠡᠷᠡᠭᠲᠡᠢ︔ 9 ᠳ᠋ᠦ᠋ᠭᠡᠷ  ᠰᠠᠷ᠎ᠠ ᠶᠢᠨ 27 ᠤ ᠡᠳᠦᠷ ᠠᠴᠠ ᠰᠡᠭᠦᠯᠡᠷ ᠴᠢᠩᠳᠣᠣ ᠠᠴᠠ ᠮᠠᠨ ᠤ ᠬᠤᠲᠠ ᠳᠤ ᠢᠷᠡᠭᠰᠡᠨ ᠬᠦᠮᠦᠰ ᠢ ᠰᠢᠭᠰᠢᠨ ᠪᠠᠶᠢᠴᠠᠭᠠᠬᠤ ᠪᠠ ᠪᠠᠶᠢᠴᠠᠭᠠᠯᠲᠠ ᠬᠢᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠢᠵᠢᠭ ᠮᠠᠨ ᠤ ᠬᠤᠲᠠ ᠳᠤ ᠣᠷᠣᠵᠤ ᠢᠷᠡᠨ ᠴᠢᠨᠠᠭᠰᠢᠳᠠ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ︔ ︽ᠨᠢᠭᠡ ᠪᠠᠭᠤᠳᠠᠯ ᠬᠤᠶᠠᠷ ᠥᠷᠲᠡᠭᠡ︾᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠣᠷᠣᠨ ᠪᠦᠰᠡ ᠶᠢ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠪᠣᠯᠭᠤᠮᠵᠢᠲᠠᠢ ᠰᠠᠶᠢᠨ ᠠᠳᠬᠤᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠰᠢᠦᠢ ᠷᠦᠢ ᠰᠢᠶᠠ᠂ ᠮᠠᠤ ᠪᠣᠣ ᠹᠧᠩ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃  ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号