ᠪᠡᠭᠡᠵᠢᠩ ᠥᠪᠥᠷ ᠮᠣᠩᠭᠤᠯ ᠬᠡᠷᠡᠭᠯᠡᠭᠡ ᠪᠠᠷ ᠶᠠᠳᠠᠭᠤ ᠶᠢ ᠲᠡᠳᠬᠦᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠦ  ᠪᠠᠶᠢᠨ᠎ᠠ
ᠨᠡᠶᠢᠲᠡᠯᠡᠭᠰᠡᠨ ᠴᠠᠭ᠄
2020/10/16
   ᠪᠡᠭᠡᠵᠢᠩ ᠤᠨ ᠮᠧᠨ ᠳᠧᠦ ᠭᠸᠦ ᠲᠣᠭᠤᠷᠢᠭ ᠨᠢ ᠦᠴᠤᠸᠠᠨ ᠰᠢᠶᠠᠨ ᠲᠠᠢ ᠬᠤᠤᠰᠯᠠᠵᠤ ᠬᠠᠪᠰᠤᠷᠤᠨ ᠲᠡᠳᠬᠦᠭᠰᠡᠨ ᠠᠴᠠ ᠨᠠᠰᠢ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠣᠨᠣᠴᠠᠲᠠᠢ  ᠠᠷᠭ᠎ᠠ ᠪᠣᠳᠣᠯᠭ᠎ᠠ ᠬᠡᠷᠡᠭᠵᠢᠭᠦᠯᠤᠭ᠍ᠰᠡᠨ ᠠᠴᠠ ᠬᠠᠪᠰᠤᠷᠤᠨ ᠲᠡᠳᠬᠦᠬᠦ ᠠᠵᠢᠯ ᠪᠣᠳᠠᠲᠤ ᠦᠷ᠎ᠡ ᠪᠦᠲᠦᠮᠵᠢ ᠣᠯᠪᠠ᠃ ᠬᠤᠶᠠᠷ ᠵᠢᠯ ᠭᠠᠷᠤᠢ ᠶᠢᠨ ᠬᠤᠭᠤᠴᠠᠭᠠᠨ ᠳᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ  ᠬᠠᠮᠵᠢᠯᠴᠠᠭ᠎ᠠ 63 ᠲᠦᠷᠦᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠦᠴᠤᠸᠠᠨ ᠰᠢᠶᠠᠨ ᠤ ᠠᠵᠤ ᠦᠢᠯᠡᠰ ᠤᠨ ᠬᠥᠭᠵᠢᠯᠲᠡ ᠳᠤ ᠰᠠᠭᠤᠷᠢ ᠲᠠᠯᠪᠢᠪᠠ᠃ ᠡᠨᠡ ᠬᠤᠭᠤᠴᠠᠭᠠᠨ ᠳᠤ᠂ ᠬᠤᠶᠠᠷ ᠭᠠᠵᠠᠷ ᠤᠨ ᠬᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠣᠨᠣᠪᠴᠢ ᠲᠠᠢ ᠵᠣᠯᠭᠠᠭᠤᠯᠬᠤ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠲᠦᠷᠭᠡᠨ ᠤᠷᠤᠭᠤᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠵᠦ ᠶᠠᠳᠠᠭᠤ ᠠᠴᠠ  ᠠᠩᠬᠢᠵᠢᠷᠠᠭᠤᠯᠬᠤ ᠦᠷ᠎ᠡ ᠪᠦᠲᠦᠮᠵᠢ ᠢᠯᠡᠳᠲᠡ ᠪᠣᠯᠪᠠ᠃    ᠪᠡᠭᠡᠵᠢᠩ ᠤᠨ ᠮᠧᠨ ᠳᠧᠦ ᠭᠸᠦ ᠲᠣᠭᠤᠷᠢᠭ ᠨᠢ ᠨᠡᠶᠢᠰᠯᠡᠯ ᠤᠨ ᠵᠠᠬ᠎ᠠ ᠳᠡᠯᠭᠡᠭᠦᠷ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠪᠤᠵᠠᠷᠳᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ   ᠳᠤ ᠣᠷᠣᠭᠤᠯᠬᠤ ᠰᠠᠭᠠᠳ ᠦᠭᠡᠶ ᠨᠡᠪᠲᠡᠷᠡᠬᠦ ᠵᠠᠮ ᠢ ᠢᠳᠡᠪᠬᠢᠲᠡᠶ ᠨᠡᠭᠡᠭᠡᠵᠦ᠂ ᠣᠶᠢᠯᠡᠳᠬᠦᠨ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ  ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠶᠢ ᠲᠦᠯᠬᠢᠨ ᠠᠬᠢᠭᠤᠯᠵᠤ᠂ ᠪᠡᠭᠡᠵᠢᠩ ᠣᠷᠣᠨ ᠤ ᠵᠠᠰᠠᠭ ᠤᠨ ᠣᠷᠳᠣᠨ ᠤ ᠪᠠᠶᠢᠭᠤᠯᠭ᠎ᠠ᠂  ᠣᠯᠣᠰ ᠤᠨ ᠪᠠ  ᠬᠤᠪᠢ ᠶᠢᠨ ᠠᠵᠤ ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠭᠤᠣᠯ ᠴᠣᠭᠴᠠ ᠶᠢᠨ ᠬᠡᠷᠡᠭᠴᠡᠭᠡ ᠶᠢ ᠦᠴᠤᠸᠠᠨ ᠰᠢᠶᠠᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ  ᠶᠢᠨ ᠮᠡᠳᠡᠭᠡ ᠵᠠᠩᠭᠢ ᠲᠠᠢ ᠣᠨᠣᠪᠴᠢᠲᠠᠶ ᠵᠣᠯᠭᠠᠭᠤᠯᠬᠤ ᠶᠢ ᠪᠡᠶᠡᠯᠡᠭᠦᠯᠵᠡᠶ᠃ ᠦᠴᠤᠸᠠᠨ ᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠦᠷᠭᠦᠯᠵᠢᠯᠡᠨ ᠬᠠᠪᠰᠤᠷᠴᠤ ᠪᠡᠭᠡᠵᠢᠩ ᠤᠨ ᠵᠠᠬ᠎ᠠ  ᠲᠡᠯᠬᠡᠬᠦᠷ ᠲᠤ ᠲᠦᠷᠭᠡᠨ ᠤᠷᠤᠭᠤᠯᠪᠠ᠃ ᠡᠨᠡ ᠵᠢᠯ  ᠵᠠᠰᠠᠭ ᠤᠨ ᠣᠷᠳᠣᠨ ᠤ ᠰᠠᠯᠠᠭ᠎ᠠ ᠮᠥᠴᠢᠷ ᠲᠦᠷᠦᠭᠦᠯᠡᠨ 1100 ᠲᠦᠮᠡᠨ ᠲᠥᠭᠦᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ᠂ ᠦᠴᠤᠸᠠᠨ ᠤ ᠠᠵᠤ ᠠᠬᠤᠶᠢᠯᠠᠯ ᠨᠢ ᠮᠧᠨ ᠳᠧᠦ ᠭᠧᠦ ᠲᠣᠭᠤᠷᠢᠭ ᠲᠤ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ  ᠢᠶᠠᠷ ᠬᠤᠳᠠᠯᠳᠤᠬᠤ ᠴᠢᠭ 1᠂ ᠣᠨᠴᠠ ᠪᠦᠲᠦᠭᠡᠭᠳᠡᠬᠦᠨ ᠤ ᠳᠡᠯᠭᠡᠭᠦᠷ 5᠂  ᠬᠡᠳᠤ ᠲᠡᠯᠬᠡᠬᠦᠷ ᠵᠢᠴᠢ ᠨᠡᠶᠢᠭᠡᠮ ᠲᠣᠭᠤᠷᠢᠭ ᠤᠨ  ᠪᠣᠷᠣᠯᠠᠭᠤᠯᠭ᠎ᠠ ᠶᠢᠨ ᠭᠠᠵᠠᠷ 13 ᠶᠢ ᠪᠠᠶᠢᠭᠤᠯᠪᠠ᠃ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ 10 ᠭᠠᠷᠤᠶ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠮᠧᠨ ᠳᠧᠦ ᠭᠸᠦ ᠲᠣᠭᠤᠷᠢᠭ ᠲᠤ ᠰᠠᠭᠤᠯᠭᠠᠵᠠᠶ᠃ ᠪᠠᠰᠠ ᠮᠧᠨ ᠳᠧᠦ ᠭᠸᠦ ᠶᠢᠨ ᠪᠡᠭᠡᠵᠢᠩ ᠬᠤᠲᠠ ᠳᠤ ᠡᠷᠬᠢᠯᠡᠭᠰᠡᠨ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ  ᠠᠵᠢᠯᠯᠠᠭ᠎ᠠ ᠳᠤ ᠣᠯᠠᠨ ᠤᠳᠠᠭ᠎ᠠ ᠣᠷᠣᠯᠴᠠᠵᠤ᠂ ᠮᠧᠨ ᠳᠧᠦ ᠭᠸᠦ ᠲᠣᠭᠤᠷᠢᠭ ᠤᠨ ᠵᠢᠩ ᠮᠧᠨ ᠬᠤᠳᠠᠯᠳᠤᠭᠠᠨ ᠤ ᠪᠡᠯᠡ ᠣᠷᠣᠭᠤᠯᠤᠯᠲᠠ ᠶᠢᠨ ᠺᠣᠮᠫᠠᠨᠢ᠂ ᠵᠠᠬ᠎ᠠ ᠲᠡᠯᠬᠡᠬᠦᠷ ᠤᠨ ᠲᠣᠪᠴᠢᠶ᠎ᠠ ᠪᠣᠯᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠦᠴᠤᠸᠠᠨ ᠠᠵᠤ ᠠᠬᠤᠶᠢᠯᠠᠯ ᠢ ᠬᠠᠪᠰᠤᠷᠤᠨ ᠪᠡᠭᠡᠵᠢᠩ ᠳᠤ ᠳᠡᠯᠭᠡᠨ ᠪᠣᠷᠣᠯᠠᠭᠤᠯᠬᠤ᠂ ᠬᠠᠮᠲᠤᠷᠠᠨ ᠠᠵᠢᠯᠯᠠᠬᠤ᠂ ᠪᠣᠷᠣᠯᠠᠭᠤᠯᠬᠤ ᠠᠷᠭ᠎ᠠ  ᠵᠠᠮ ᠢ ᠠᠯᠬᠤᠮ ᠠᠯᠬᠤᠮ ᠢᠶᠠᠷ ᠥᠷᠭᠡᠳᠬᠡᠪᠡ᠃ ᠮᠧᠨ ᠳᠧᠦ ᠭᠸᠦ ᠲᠣᠭᠤᠷᠢᠭ ᠪᠣᠯᠤᠨ ᠪᠡᠭᠡᠵᠢᠩ ᠬᠤᠲᠠ ᠶᠢᠨ ᠡᠯ᠎ᠡ ᠲᠥᠷᠥᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠭᠦᠨᠵᠡᠭᠡᠶ ᠣᠷᠣᠯᠴᠠᠵᠤ᠂ ᠦᠴᠤᠸᠠᠨ ᠰᠢᠶᠠᠨ ᠤ ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠨᠥᠬᠦᠪᠥᠷᠢ ᠶᠢᠨ ᠲᠥᠷᠥᠯ ᠵᠦᠢᠯ︾᠂ ︽ᠦᠴᠤᠸᠠ ᠤ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︾᠂ ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ︾ ᠵᠡᠷᠭᠡ  ᠣᠨᠴᠠᠯᠢᠭᠳᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠡᠷᠡᠭᠵᠢᠭᠦᠯᠦᠯᠲᠡ ᠨᠢ ᠣᠳᠣ ᠶᠠᠭ ᠨᠡᠷᠡᠲᠦ  ᠲᠡᠮᠳᠡᠭᠳᠥ ᠶᠢ ᠲᠠᠨᠢᠯᠴᠠᠭᠤᠯᠬᠤ ᠨᠥᠯᠥᠭᠡᠯᠡᠬᠦ ᠬᠦᠴᠦᠨ ᠤ ᠳᠡᠭᠡᠭᠰᠢᠯᠡᠯᠲᠡ ᠶᠢ ᠠᠬᠢᠭᠤᠯᠵᠤ ᠪᠠᠶᠢᠨ᠎ᠠ᠃ ᠵᠢᠱᠢᠯᠲᠡ ᠪᠠᠷ᠂ ᠰᠢᠨ᠎ᠡ ᠪᠠᠷ ᠨᠡᠮᠡᠭᠳᠡᠬᠦ ᠪᠣᠷᠣᠯᠠᠭᠤᠯᠭ᠎ᠠ ᠶᠢᠨ ᠬᠡᠮᠵᠢᠶ᠎ᠡ ᠶᠢ 200 ᠲᠦᠮᠡᠨ ᠲᠥᠭᠦᠷᠢᠭ ᠠᠴᠠ ᠲᠡᠭᠡᠭᠡᠰᠢ   ᠶᠢ  ᠲᠠᠶᠢᠴᠢᠯᠠᠬᠤ ᠪᠣᠯᠣᠨ᠎ᠠ  ᠃ ︵ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠶᠠᠩ ᠯᠢ ᠹᠠᠩ︶  http://mongol.people.com.cn/15826731.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ