ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠬᠤᠶᠠᠳᠤᠭᠠᠷ ᠪᠦᠯᠦᠭ ᠤᠨ ᠬᠠᠮᠤᠭ ᠤᠨ ᠭᠤᠶᠣ ᠬᠡᠷ ᠪᠦᠯᠢ ᠲᠤᠲᠤᠷᠠᠪᠠ
ᠨᠡᠶᠢᠲᠡᠯᠡᠭᠰᠡᠨ ᠴᠠᠭ᠄
2020/10/16
    10 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠠᠮᠤᠭ ᠤᠨ ᠭᠤᠶᠣ ᠬᠡᠷ ᠪᠦᠯᠢ ᠤᠮᠠᠷᠠᠲᠤ ᠬᠢᠯᠢ ᠶᠢ  ᠭᠡᠶᠢᠭᠦᠯᠦᠨ᠎ᠡ · ᠬᠦᠳᠡᠭᠡ ᠳᠠᠯ᠎ᠠ ᠳᠤ ᠬᠦᠰᠡᠯ ᠡᠷᠡᠮᠡᠯᠵᠡᠯ ᠪᠢᠯᠬᠠᠭᠤᠯᠣᠨ᠎ᠠ︾ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠬᠠᠮᠤᠭ ᠤᠨ ᠭᠤᠶᠣ ᠬᠡᠷ ᠪᠦᠯᠢ ᠶᠢ ᠲᠤᠲᠤᠷᠠᠭᠤᠯᠬᠤ ᠠᠵᠢᠯᠯᠠᠭ᠎ᠠ ᠡᠷᠭᠢᠯᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠬᠤᠶᠠᠳᠤᠭᠠᠷ ᠪᠦᠯᠦᠭ ᠤᠨ ᠬᠠᠮᠤᠭ ᠤᠨ ᠭᠤᠶᠣ ᠬᠡᠷ ᠪᠦᠯᠢ 100᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ  ᠤ ᠬᠠᠮᠤᠭ ᠤᠨ ᠭᠤᠶᠣ ᠬᠡᠷ ᠪᠦᠯᠢ ᠶᠢᠨ ᠵᠢᠱᠢᠶᠡᠴᠢ ᠡᠷᠦᠬᠡ 50 ᠲᠤᠲᠤᠷᠠᠪᠠ᠃ ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠭᠤᠶᠣ ᠬᠡᠷ ᠪᠦᠯᠢ ᠶᠢᠨ ᠶᠣᠰᠣ ᠰᠤᠷᠲᠠᠬᠤᠨ ᠤ ᠬᠤᠯᠪᠤᠭᠠᠨ ᠤ ᠬᠤᠶᠠᠳᠠᠬᠢ ᠪᠦᠯᠦᠭ ᠤᠨ ᠨᠢᠭᠡᠴᠡ ᠶᠢ ᠨᠡᠶᠢᠲᠡᠯᠡᠪᠡ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠲᠣᠭᠤᠶᠢᠯᠠᠩ ᠤᠨ ᠱᠦᠵᠢ᠂ ᠲᠡᠷᠢᠭᠦᠯᠡᠭᠴᠢ ᠬᠦᠤᠳᠠᠭᠤᠯᠠ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠶ᠃     ᠬᠦᠤᠳᠠᠭᠤᠯᠠ ᠵᠢᠭᠠᠵᠤ ᠭᠠᠷᠭᠠᠭᠰᠠᠨ ᠨᠢ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠥᠪᠡᠷᠲᠡᠭᠡᠨ ᠵᠠᠰᠠᠬᠤ ᠣᠷᠣᠨ ᠤ 2020 ᠣᠨ ᠤ ᠬᠤᠶᠠᠳᠤᠭᠠᠷ ᠪᠦᠯᠦᠭ ᠤᠨ ᠬᠠᠮᠤᠭ ᠤᠨ ᠭᠤᠶᠣ ᠭᠡᠷ ᠪᠦᠯᠢ ᠶᠢ ᠬᠠᠶᠢᠬᠤ ᠠᠵᠢᠯᠯᠠᠭ᠎ᠠ ᠶᠢ ᠡᠷᠬᠢᠯᠡᠵᠦ᠂ ᠶᠡᠷᠣᠩᠬᠡᠢ ᠱᠦᠵᠢ ᠰᠢ ᠶᠢᠨ ᠫᠢᠩ ᠤᠨ ᠭᠡᠷ ᠪᠦᠯᠢ ᠶᠢ ᠴᠢᠬᠤᠯᠠᠴᠢᠯᠠᠵᠤ᠂ ᠭᠡᠷ ᠪᠦᠯᠢ ᠶᠢᠨ ᠰᠤᠷᠭᠠᠨ ᠬᠥᠮᠦᠵᠢᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠣᠣᠱᠯᠠᠭᠤᠯᠣᠨ ᠨᠠᠶᠢᠳᠠᠪᠣᠷᠢᠭᠤᠯᠵᠣ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠤᠰᠬᠠᠶ ᠰᠡᠳᠦᠪᠲᠦ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠦ᠂ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ  ᠪᠦᠳᠣᠮᠵᠢᠳᠤ ᠴᠢᠨᠠᠷ ᠢ ᠨᠡᠮᠡᠭᠳᠡᠬᠦᠯᠵᠥ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤᠮᠳᠠᠬᠢ ᠭᠡᠷ ᠤᠨ ᠰᠤᠷᠭᠠᠯ᠂ ᠭᠡᠷ ᠤᠨ ᠰᠤᠷᠲᠠᠯ ᠤᠨ ᠣᠶᠢᠯᠡᠳᠣᠯ  ᠢ ᠦᠨᠡᠨ ᠬᠦ ᠪᠠᠳᠠᠷᠠᠭᠤᠯᠵᠤ᠂ ᠮᠥᠨᠴᠦ ᠪᠦᠬᠦ ᠣᠷᠣᠨ ᠤ ᠥᠷᠭᠡᠨ ᠣᠯᠠᠨ ᠭᠡᠷ ᠪᠦᠯᠢ ᠶᠢ ᠪᠦᠯᠬᠦᠮᠳᠡᠭᠦᠯᠦᠨ ᠨᠢᠭᠲᠠᠷᠠᠭᠤᠯᠵᠤ ᠳᠤᠮᠳᠠᠳᠤ ᠶᠢᠨ  ᠦᠨᠳᠣᠰᠣᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠭᠡᠷ ᠪᠦᠯᠢ ᠶᠢᠨ ᠪᠠᠶᠢᠭᠤᠯᠤᠯᠲᠠ ᠶᠢ ᠠᠵᠤ ᠠᠬᠤᠶ ᠨᠡᠶᠢᠭᠡᠮ ᠯᠦᠭᠡ ᠵᠡᠷᠭᠡᠪᠡᠷ ᠬᠥᠭᠵᠢᠬᠦ ᠶᠢ ᠲᠦᠯᠬᠢᠨ ᠠᠬᠢᠭᠤᠯᠬᠤ ᠢᠳᠡᠪᠬᠢ ᠠᠵᠢᠯᠯᠠᠭ᠎ᠠ ᠪᠠ ᠠᠰᠢᠭ ᠲᠠᠢ ᠬᠠᠶᠢᠨ ᠰᠦᠪᠡᠭᠴᠢᠯᠡᠯᠲᠡ ᠪᠤᠯᠭᠠᠬᠤ ᠬᠡᠷᠡᠭᠲᠡᠢ᠃ ᠪᠦᠬᠦ ᠣᠷᠣᠨ ᠤ ᠡᠮᠡᠭᠲᠡᠶᠢᠴᠦᠳ ᠪᠣᠯᠤᠨ ᠥᠷᠭᠡᠨ ᠣᠯᠠᠨ ᠭᠡᠷ ᠪᠦᠯᠢ ᠬᠠᠮᠤᠭ ᠤᠨ ᠭᠤᠶᠤ ᠭᠡᠷ ᠪᠦᠯᠢ  ᠲᠤᠲᠤᠷᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠭᠡᠷ ᠪᠦᠯᠢ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠪᠠᠷ ᠪᠦᠬᠦ ᠣᠷᠣᠨ ᠤ ᠤᠶᠤᠨ ᠤ ᠪᠣᠯᠪᠠᠰᠤᠨ ᠤ  ᠪᠠᠶᠢᠭᠤᠯᠣᠯᠳᠠ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠬᠦᠰᠡᠯ ᠢᠶᠠᠨ ᠬᠠᠮᠲᠤᠪᠠᠷ ᠲᠡᠷᠭᠡᠯᠰᠢᠭᠦᠯᠬᠦ ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ  ᠬᠠᠩᠭᠠᠬᠤ  ᠬᠡᠷᠡᠭᠲᠠᠢ ᠭᠡᠪᠡ  ᠃    ᠣᠶᠢᠯᠠᠭᠠᠭᠰᠠᠨ ᠢᠶᠠᠷ᠂ 2015 ᠣᠨ ᠳᠤ ᠬᠠᠮᠤᠭ ᠤᠨ ᠭᠤᠶᠣ ᠬᠡᠷ ᠪᠦᠯᠢ ᠶᠢ ᠬᠠᠶᠢᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢᠭᠡᠨᠲᠡ ᠡᠯ᠎ᠡ ᠱᠠᠲᠤᠨ ᠤ ᠡᠯ᠎ᠡ ᠲᠥᠷᠥᠯ ᠤᠨ ᠬᠠᠮᠤᠭ ᠤᠨ ᠭᠤᠶᠣ ᠬᠡᠷ ᠪᠦᠯᠢ  ᠶᠢᠨ 10 ᠲᠦᠮᠡ ᠭᠠᠷᠤᠶ ᠨᠡᠶᠢᠲᠡᠯᠢᠭ ᠵᠢᠱᠢᠶ᠎ᠡ ᠶᠢ ᠬᠠᠶᠢᠵᠦ  ᠢᠯᠡᠷᠡᠭᠦᠯᠵᠡᠶ᠃ ᠬᠠᠮᠤᠭ ᠤᠨ ᠭᠤᠶᠣ ᠭᠡᠷ ᠪᠦᠯᠢ ᠶᠢᠨ ᠱᠠᠩᠨᠠᠯ ᠣᠯᠭᠤᠬᠤ ᠶᠣᠰᠣᠯᠠᠯ ᠡᠷᠬᠢᠯᠡᠬᠦ᠂ ᠭᠡᠷ ᠪᠦᠯᠢ ᠶᠢᠨ ᠦᠯᠢᠭᠡᠷ ᠢ ᠤᠬᠠᠭᠤᠯᠤᠨ ᠲᠠᠶᠢᠯᠪᠤᠷᠢᠯᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠢᠷᠠᠭᠤ ᠠᠯᠳᠠᠷ ᠤᠨ ᠰᠠᠮᠪᠠᠷ᠎ᠠ ᠭᠠᠷᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠤᠵᠠᠷᠳᠤᠯ ᠦᠭᠡᠢ ᠬᠥᠭᠵᠢᠯᠲᠡ᠂ ᠦᠢᠯᠡᠰ ᠪᠣᠰᠬᠠᠵᠤ ᠶᠠᠳᠠᠭᠤ ᠠᠴᠠ ᠠᠩᠭᠢᠵᠢᠷᠠᠭᠤᠯᠬᠤ ᠂ ᠦᠨᠳᠦᠰᠦᠲᠡᠨ ᠤ ᠪᠦᠯᠬᠦᠮᠳᠡᠯ᠂ ᠠᠵᠢᠯᠴᠢ ᠠᠷᠪᠢᠴᠢ ᠠᠷᠪᠢᠯᠠᠨ ᠭᠠᠮᠨᠠᠬᠤ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ  ᠬᠠᠶᠢᠷᠠᠯᠠᠬᠤ ᠵᠡᠷᠭᠡ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ ᠢ ᠤᠯᠠᠮ ᠨᠢᠭᠡ ᠠᠯᠬᠤᠮ ᠰᠠᠨᠠᠭᠠᠴᠢᠯᠠᠵᠤ᠂ ᠥᠷᠭᠡᠨ ᠣᠯᠠᠨ ᠡᠮᠡᠭᠲᠡᠶᠢᠴᠦᠳ ᠤᠨ ᠨᠡᠶᠢᠭᠡᠮ ᠤᠨ ᠠᠮᠢᠳᠤᠷᠠᠯ ᠪᠣᠯᠤᠨ ᠭᠡᠷ ᠪᠦᠯᠢ ᠶᠢᠨ ᠠᠮᠢᠳᠤᠷᠠᠯ ᠳᠠᠬᠢ  ᠦᠪᠡᠷᠮᠢᠴᠠ  ᠣᠶᠢᠯᠡᠳᠣᠯ ᠢ ᠪᠠᠳᠠᠷᠠᠭᠤᠯᠵᠠᠢ  ᠃ ︵ᠰᠤᠷᠪᠤᠯᠵᠢᠯᠠᠭᠴᠢ ᠯᠢᠶᠠᠩ ᠵᠢᠩ ᠮᠧᠶ︶  http://mongol.people.com.cn/15826718.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ