ᠬᠤᠲᠣᠩ ᠠᠷᠠᠳ ᠤᠨ ᠲᠣᠭᠤᠷᠢᠭ᠄  ︽ᠲᠣᠪᠶᠤᠭ ᠬᠡᠯᠪᠡᠷᠢ︾ ᠶᠢᠨ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠭᠠᠷᠭᠠᠪᠠ
ᠨᠡᠶᠢᠲᠡᠯᠡᠭᠰᠡᠨ ᠴᠠᠭ᠄
2020/10/19
     ᠣᠶᠢᠷ᠎ᠠ ᠶᠢᠨ ᠵᠢᠯ ᠤᠨ ᠲᠤᠷᠰᠢ᠂ ᠬᠤᠲᠣᠩ ᠠᠷᠠᠳ ᠤᠨ ᠲᠣᠭᠤᠷᠢᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ ᠎ᠠ ᠪᠠᠷ ᠴᠢᠯᠥᠭᠡᠲᠡᠶ ᠲᠠᠯᠪᠢᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡ ᠪᠠ ᠨᠠᠰᠤᠵᠢᠯ ᠤᠨ ᠠᠰᠠᠷᠠᠮᠵᠢ ᠶᠢ ᠬᠠᠷᠢᠯᠴᠠᠨ ᠤᠶᠠᠯᠳᠤᠭᠤᠯᠤᠭᠰᠠᠨ ᠪᠠᠶᠢᠭᠤᠯᠤᠮᠵᠢ ᠵᠢᠨ‌ᠨᠠᠰᠤᠵᠢᠯ ᠤᠨ ᠵᠠᠭᠪᠤᠷ᠂ ᠨᠡᠶᠢᠭᠡᠮ ᠲᠣᠭᠤᠷᠢᠭ ᠪᠠ ᠭᠡᠷ ᠪᠦᠯᠢ ᠶᠢ ᠬᠠᠷᠢᠯᠴᠠᠨ ᠤᠶᠠᠯᠳᠤᠭᠤᠯᠤᠭᠰᠠᠨ ᠭᠡᠷ ᠲᠡᠭᠡᠨ ᠠᠰᠠᠷᠠᠮᠵᠢ ᠬᠦᠷᠲᠡᠬᠦ ᠵᠠᠭᠪᠤᠷ᠂ ᠵᠠᠰᠠᠭ ᠤᠨ ᠣᠷᠳᠣᠨ ᠦᠨᠳᠦᠰᠦᠨ  ᠵᠣᠶᠢᠯ ᠢ  ᠪᠠᠲᠤᠠᠯᠠᠵᠦ᠂ ᠣᠶᠢᠯᠡᠴᠢᠯᠡᠭᠡ ᠬᠤᠳᠠᠯᠳᠤᠨ ᠠᠪᠬᠤ ᠵᠠᠭᠪᠤᠷ ᠪᠠ ᠳᠥᠭᠦᠮ ᠳᠥᠲᠡ ᠮᠡᠳᠡᠭᠡ ᠵᠠᠩᠭᠢᠵᠢᠯᠲᠠ ᠶᠢᠨ ᠨᠠᠰᠤᠵᠢᠯ ᠤᠨ ᠠᠰᠠᠷᠠᠮᠵᠢ ᠵᠡᠷᠭᠡ ︽ᠲᠣᠪᠶᠤᠭ  ᠬᠡᠯᠪᠡᠷᠢ︾ ᠶᠢᠨ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ  ᠢ ᠲᠣᠰ ᠲᠣᠰ ᠨᠡᠶᠢᠲᠡᠯᠡᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠪᠦᠬᠦ ᠠᠷᠠᠳ ᠢᠶᠠᠷ ᠢᠶᠠᠨ ᠬᠠᠯᠠᠮᠵᠢᠯᠠᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠬᠡᠪᠴᠢᠶ᠎ᠡ ᠨᠢ ᠲᠣᠬᠢᠷᠠᠮᠵᠢᠲᠠᠶ ᠪᠣᠰᠤᠭ᠎ᠠ ᠴᠣᠭᠴᠠᠲᠤ ᠮᠠᠶ᠋ᠢᠭ ᠤᠨ᠂ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠣᠶᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠵᠦ᠂ ᠬᠤᠲᠠ ᠬᠥᠳᠡᠭᠡ ᠶᠢ ᠬᠠᠮᠤᠷᠤᠭᠰᠠᠨ ᠰᠠᠶᠢᠨ ᠰᠠᠶᠢᠬᠠᠨ ᠪᠠᠶᠢᠳᠠᠯ ᠢᠯᠡᠷᠡᠪᠡ᠃       ᠭᠤᠤᠯ ᠲᠣᠪᠶᠤᠭ᠄ ᠨᠡᠶᠢᠭᠡᠮ ᠲᠣᠭᠤᠷᠢᠭ + ᠬᠡᠷ ᠲᠡᠭᠡᠨ ᠠᠰᠠᠷᠠᠭᠤᠯᠬᠤ  ᠃ ᠬᠤᠲᠣᠩ ᠠᠷᠠᠳ ᠤᠨ ᠲᠣᠭᠤᠷᠢᠭ ᠲᠤ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢ  ᠢᠳᠡᠪᠬᠢᠲᠠᠢ ᠠᠬᠢᠭᠤᠯᠵᠤ᠂ ᠵᠥᠭᠡᠯᠡᠨ ᠬᠠᠲᠠᠭᠤ ᠲᠣᠨᠤᠭ ᠵᠣᠬᠢᠴᠠᠯᠳᠤᠨ ᠬᠦᠴᠦᠯᠡᠬᠦ ᠠᠷᠭ᠎ᠠ ᠮᠠᠶ᠋ᠢᠭ ᠢᠶᠠᠷ ᠨᠠᠰᠤᠲᠠᠨ ᠳᠤ   ᠣᠶᠢᠯᠡᠴᠢᠯᠡᠬᠦ ᠵᠢᠭᠰᠠᠭᠠᠯ ᠤᠨ ᠭᠠᠵᠠᠷ ᠢ ᠪᠠᠶᠢᠭᠤᠯᠬᠤ ᠪᠠᠷ ᠳᠠᠮᠵᠢᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠨᠠᠰᠤᠲᠠᠶᠢᠴᠤᠳ ᠤᠨ ᠡᠳᠦᠷ ᠲᠤᠲᠤᠮ ᠤᠨ ᠬᠠᠷᠠᠭᠠᠯᠵᠠᠯ᠂ ᠠᠮᠢᠳᠣᠷᠠᠯ  ᠤᠨ ᠰᠤᠪᠢᠯᠠᠯᠲᠠ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠣᠶᠢᠯᠡᠴᠢᠯᠡᠭᠡ ᠪᠠᠷ ᠭᠤᠤᠯ ᠠᠭᠤᠯᠭ᠎ᠠ  ᠪᠣᠯᠭᠠᠭᠰᠠᠨ ︽ᠣᠯᠠᠨ ᠡᠰᠢᠵᠢᠭᠰᠡᠨ᠂ ᠨᠢᠭᠡ ᠥᠷᠲᠡᠭᠡᠴᠢᠯᠡᠭᠰᠡᠨ︾ ᠨᠠᠰᠤᠲᠠᠶᠢᠴᠤᠳ ᠲᠤ ᠣᠶᠢᠯᠡᠴᠢᠯᠡᠬᠦ ᠰᠢᠨ᠎ᠡ ᠬᠡᠯᠪᠡᠷᠢ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠡᠬᠢᠯᠡᠭᠦᠯᠪᠡ᠃ ᠨᠡᠶᠢᠭᠡᠮ ᠲᠣᠭᠤᠷᠢᠭ ᠲᠤᠨᠢ ᠨᠠᠰᠤᠲᠠᠶᠢᠴᠤᠳ ᠲᠤ ᠣᠶᠢᠯᠡᠴᠢᠯᠡᠬᠦ ᠲᠠᠯᠠᠪᠤᠷ᠂ ᠨᠠᠰᠤᠲᠠᠶᠢᠴᠤᠳ ᠤᠨ ᠪᠡᠶ᠎ᠡ ᠤᠬᠢᠶᠠᠬᠤ ᠲᠠᠰᠤᠭ᠂ ᠡᠷᠡᠭᠦᠯᠵᠢᠭᠦᠯᠬᠦ ᠲᠠᠰᠤᠭ᠂ ᠹᠢᠽᠢᠺ ᠵᠠᠰᠠᠯ ᠤᠨ ᠲᠠᠰᠤᠭ᠂ ᠭᠡᠷ ᠪᠦᠯᠢ ᠶᠢᠨ ᠠᠰᠠᠷᠠᠮᠵᠢ ᠶᠢᠨ ᠲᠠᠰᠤᠭ᠂ ᠨᠠᠰᠤᠲᠠᠶᠢᠴᠤᠳ ᠤᠨ ᠬᠤᠭᠤᠯᠠᠨ ᠭᠡᠷ ᠂ ᠬᠥᠳᠡᠯᠭᠡᠭᠡᠨ ᠤ ᠲᠠᠰᠤᠭ᠂ ᠰᠡᠯᠡᠭᠦᠴᠡᠯ ᠤᠨ ᠲᠠᠰᠤᠭ᠂  ᠪᠡᠶ᠎ᠡ ᠴᠢᠬᠢᠷᠠᠭᠵᠢᠭᠤᠯᠬᠤ ᠦᠷᠦᠭᠡ᠂ ᠡᠳᠦᠷ ᠲᠤᠲᠤᠮ ᠤᠨ ᠬᠠᠷᠠᠭᠠᠯᠵᠠᠬᠤ ᠲᠠᠰᠤᠭ᠂ ᠨᠣᠮ ᠤᠨ ᠥᠷᠥᠭᠡ ᠵᠡᠷᠭᠡ ᠪᠦᠷ  ᠪᠠᠶᠢᠵᠤ᠂ ᠨᠡᠶᠢᠭᠡᠮ ᠤᠨ ᠲᠤᠰᠬᠠᠶ ᠵᠣᠬᠢᠶᠠᠨ ᠪᠠᠶᠢᠭᠤᠯᠤᠯᠲᠠ ᠨᠡᠶᠢᠭᠡᠮ ᠲᠣᠭᠤᠷᠢᠭ ᠲᠤ ᠣᠷᠣᠵᠤ ᠨᠠᠰᠤᠲᠠᠶᠢᠴᠤᠳ ᠲᠤ ᠣᠶᠢᠯᠡᠴᠢᠯᠡᠬᠦ ︽ᠬᠡᠷᠡᠭᠴᠡᠭᠡᠨ ᠤ ᠬᠥᠮᠥᠷᠭᠡ︾ ᠳᠤ ᠣᠷᠣᠵᠤ᠂ ᠨᠠᠰᠤᠲᠠᠶᠢᠴᠤᠳ ᠲᠤ  ᠬᠠᠨᠢ ᠪᠣᠯᠬᠤ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ᠂ ᠡᠳᠣᠷ ᠲᠤᠲᠤᠮ ᠤᠨ ᠡᠪᠡᠳᠴᠢᠨ ᠡᠮᠭᠡᠭ ᠤᠨ ᠵᠥᠪᠯᠡᠯᠭᠡ ᠥᠭᠬᠦ᠂ ᠬᠡᠷ ᠤᠨ ᠶᠠᠪᠤᠳᠠᠯ ᠵᠡᠷᠭᠡ ᠡᠯ᠎ᠡ ᠲᠥᠷᠥᠯ ᠤᠨ ︽ᠬᠤᠪᠢ ᠬᠥᠮᠦᠨ ᠤ ᠵᠠᠬᠢᠶᠠᠯᠠᠭ᠎ᠠ︾ ᠮᠠᠶ᠋ᠢᠭ ᠤᠨ ᠰᠠᠶᠢᠨ ᠳᠤᠷ᠎ᠠ ᠶᠢᠨ  ᠣᠶᠢᠯᠡᠴᠢᠯᠡᠭᠡ  ᠬᠠᠩᠭᠠᠳᠠᠭ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠠᠴᠠ ᠨᠠᠰᠤᠲᠠᠶᠢᠴᠤᠳ ᠲᠤ ᠨᠣᠮ ᠤᠩᠰᠢᠬᠤ᠂ ᠤᠷᠠᠨ ᠪᠢᠴᠢᠯᠭᠡ ᠤᠷᠠᠨ ᠵᠢᠷᠤᠭ᠂ ᠳᠠᠭᠤᠤ ᠪᠥᠵᠢᠭ ᠤᠨ ᠪᠣᠯᠪᠠᠰᠤᠷᠠᠯ ᠵᠡᠷᠭᠡ ᠡᠳᠦᠷ ᠲᠤᠲᠤᠮ ᠤᠨ ᠰᠡᠯᠡᠭᠦᠴᠡᠯ ᠤᠨ ᠦᠢᠯᠡᠴᠢᠯᠡᠭᠡᠨ ᠤ ᠲᠥᠷᠥᠯ ᠵᠣᠶᠢᠯ ᠢ ᠬᠠᠩᠭᠠᠬᠤ ᠶᠢᠨ ᠬᠠᠮᠲᠤ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠤᠷᠠᠨ ᠪᠢᠴᠢᠯᠭᠡ ᠶᠢᠨ ᠠᠩᠭᠢ᠂ ᠳᠠᠭᠤᠤ ᠳᠠᠭᠤᠯᠠᠬᠤ ᠠᠩᠭᠢ᠂ ᠪᠥᠵᠢᠭ ᠤᠨ ᠠᠩᠭᠢ ᠵᠡᠷᠭᠡ ᠡᠯ᠎ᠡ ᠲᠥᠷᠥᠯ ᠤᠨ ᠳᠤᠷ᠎ᠠ ᠰᠣᠨᠢᠷᠬᠠᠯ ᠤᠨ ᠠᠩᠭᠢ  ᠨᠡᠭᠡᠭᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠪᠠᠶᠢᠩᠭᠤ ᠶᠢᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ  ᠦᠷᠨᠢᠭᠦᠯᠵᠦ ᠪᠠᠶᠢᠨ᠎ᠠ  ᠃  ︵ᠴᠢᠮᠡᠭᠡᠯᠡᠭᠴᠢ ᠯᠢ ᠵᠧᠨ︶http://mongol.people.com.cn/15826888.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号