ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠵᠢᠴᠢ ᠭᠤᠣᠯᠳᠠᠯᠭ᠎ᠠ ᠲᠠᠢ ᠬᠤᠳᠠᠯᠳᠤᠭᠠᠴᠢᠨ ᠣᠷᠢᠬᠤ ᠲᠦᠷᠦᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/19
ᠵᠠᠩ ᠪᠠᠢ ᠴᠧᠩ ᠡᠷᠬᠢᠯᠡᠵᠦ  ᠯᠥᠸᠧ ᠴᠢᠩ ᠣᠷᠣᠯᠴᠠᠪᠠ      10 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠵᠢᠴᠢ ᠭᠤᠣᠯᠳᠠᠯᠭ᠎ᠠ ᠲᠠᠢ ᠬᠤᠳᠠᠯᠳᠤᠭᠠᠴᠢᠨ ᠣᠷᠢᠬᠤ ᠲᠦᠷᠦᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠠᠨ ᠤ ᠬᠤᠲᠠ ᠶᠢᠨ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠭᠤᠣᠯᠳᠠᠯᠭ᠎ᠠ ᠲᠠᠢ ᠬᠤᠳᠠᠯᠳᠤᠭᠠᠴᠢᠨ ᠣᠷᠢᠬᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠭᠰᠠᠨ ᠨᠢ᠂ ᠣᠳᠣᠬᠠᠨ ᠳᠤ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠵᠠᠩᠭᠢᠯᠠᠭ᠎ᠠ ᠶᠢᠨ ᠴᠠᠭ ᠮᠥᠴᠡ ᠳᠤ ᠣᠷᠣᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠣᠨᠣᠪᠴᠢᠲᠠᠢ ᠬᠦᠴᠦᠯᠡᠨ᠂ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠨᠠᠷᠢᠨ ᠬᠢᠨᠠᠮᠠᠭᠠᠢ ᠵᠠᠳᠠᠯᠵᠤ᠂ ᠲᠥᠷᠥᠯ ᠵᠦᠢᠯ ᠣᠨᠴᠠᠭᠠᠶᠢᠯᠠᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠬᠢᠷᠠᠭᠤᠯᠬᠤ ᠬᠦᠴᠦᠨ ᠢᠶᠠᠨ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢ ᠲᠣᠬᠢᠷᠠᠭᠤᠯᠬᠤ ᠬᠦᠴᠦᠨ ᠢᠶᠠᠨ ᠴᠢᠩᠭᠠᠳᠬᠠᠵᠤ᠂ ᠥᠷᠢ ᠥᠭᠴᠡᠭᠡ ᠶᠢ ᠢᠯᠭᠠᠷᠠᠭᠤᠯᠬᠤ᠂ ᠲᠠᠷᠢᠶᠠᠯᠠᠩ ᠠᠵᠤ ᠠᠬᠤᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ︽ᠬᠤᠯᠢᠰᠢᠨ ᠢᠳᠡᠰᠢ︾ ᠶᠢᠨ ᠢᠨᠵᠧᠨᠧᠷᠢᠩ᠂ ᠭᠠᠳᠠᠭᠠᠳᠤ ᠠᠷᠠᠯᠵᠢᠶ᠎ᠠ᠂ ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠠᠵᠢᠯ ᠢ ᠦᠨᠡᠨᠬᠦ ᠰᠠᠶᠢᠲᠤᠷ ᠬᠢᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠢ ᠰᠡᠳᠦᠬᠦ ᠪᠠ ᠨᠥᠭᠡᠴᠡᠯᠡᠬᠦ ᠠᠵᠢᠯ ᠢ ᠦᠨᠡᠨᠬᠦ ᠴᠢᠩᠭᠠᠳᠬᠠᠵᠤ᠂ ᠪᠡᠯᠡᠳᠬᠡᠯ ᠠᠵᠢᠯ ᠢ ᠰᠠᠶᠢᠲᠤᠷ ᠬᠢᠵᠦ᠂ ᠣᠨᠣᠪᠴᠢᠲᠠᠢ ᠪᠠᠶᠢᠷᠢᠯᠠᠭᠤᠯᠬᠤ ᠬᠡᠷᠡᠭᠲᠡᠢ᠃ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠨᠠᠷᠢᠨ ᠬᠢᠨᠠᠮᠠᠭᠠᠢ ᠰᠤᠳᠤᠯᠵᠤ᠂ ᠠᠵᠤ ᠦᠢᠯᠡᠳᠪᠦᠷᠢ ᠶᠢᠨ ᠬᠦᠷᠢᠶᠡᠨ ᠤ ᠠᠵᠤ ᠦᠢᠯᠡᠰ ᠤᠨ ᠪᠦᠬᠦ ᠬᠡᠯᠬᠢᠶ᠎ᠡ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠡᠳᠬᠢᠮᠵᠢ ᠪᠠᠨ ᠥᠷᠭᠡᠳᠬᠡᠨ᠂ ᠵᠣᠷᠢᠭᠲᠠᠢ ᠪᠠᠷ ᠰᠢᠪᠲᠤᠯᠤᠯᠲᠠ ᠬᠢᠵᠦ᠂ ᠬᠡᠪ ᠤᠨ ᠪᠤᠰᠤ ᠠᠷᠭ᠎ᠠ ᠬᠡᠮᠵᠢᠶ᠎ᠡ ᠠᠪᠤᠨ᠂ ᠲᠥᠪ ᠬᠤᠲᠠ ᠶᠢᠨ ᠴᠠᠬᠢᠯᠭᠠᠨ ᠬᠦᠴᠦ᠂ ᠬᠥᠮᠥᠨ ᠤ ᠬᠦᠴᠦ᠂ ᠰᠢᠨᠵᠢᠯᠡᠭᠡ ᠮᠡᠷᠭᠡᠵᠢᠯ ᠵᠡᠷᠭᠡ ᠡᠯ᠎ᠡ ᠵᠦᠢᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠰᠢᠦᠢ ᠷᠦᠢ ᠰᠢᠶᠠ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号