ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠨᠣᠮ ᠤᠨ ᠰᠠᠩ 1977 ᠣᠨ ᠳᠤ ᠪᠠᠶᠢᠭᠤᠯᠤᠭᠳᠠᠪᠠ᠃ | 2016 ᠣᠨ 8 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠮᠦᠽᠧᠶ ᠳᠤ ᠬᠠᠳᠠᠭᠠᠯᠠᠵᠤ ᠪᠠᠶᠢᠭ᠎ᠠ | ᠰᠤᠷᠪᠤᠯᠵᠢ ᠪᠢᠴᠢᠭ 11543 ᠳᠡᠪᠲᠡᠷ ᠪᠦᠬᠦᠢ ᠢᠦᠶ ᠴᠢᠤᠸᠠᠨ ᠲᠣᠭᠤᠷᠢᠭ ᠤᠨ ᠴᠤᠷ ᠤᠨ ᠭᠠᠭᠴᠠ ᠤᠯᠤᠰ ᠤᠨ | ᠣᠯᠠᠨ ᠨᠡᠶᠢᠲᠡ ᠶᠢᠨ ᠨᠣᠮ ᠤᠨ ᠰᠠᠩ ᠪᠣᠯᠤᠨ᠎ᠠ᠃ ᠮᠥᠨ ᠴᠦ ᠢᠦᠶ ᠴᠢᠤᠸᠠᠨ ᠲᠣᠭᠤᠷᠢᠭ ᠤᠨ ᠴᠢᠬᠤᠯᠠ | ᠰᠣᠶᠣᠯ ᠤᠨ ᠣᠶᠢᠯᠡᠴᠢᠯᠡᠭᠡᠨ ᠤ ᠴᠤᠩᠬᠤᠷᠢᠭ ᠪᠣᠯᠤᠨ᠎ᠠ᠃ 2018 ᠣᠨ ᠳᠤ᠂ ᠢᠦᠶ ᠴᠢᠤᠸᠠᠨ ᠲᠣᠭᠤᠷᠢᠭ ᠤᠨ | ᠨᠣᠮ ᠤᠨ ᠰᠠᠩ ᠨᠢ ᠪᠥᠬᠦ ᠤᠯᠤᠰ ᠤᠨ ᠰᠢᠶᠠᠨ ᠤ ᠱᠠᠲᠤᠨ ᠠᠴᠠ ᠲᠡᠭᠡᠭᠰᠢᠬᠢ ᠣᠯᠠᠨ ᠨᠡᠶᠢᠲᠡ ᠶᠢᠨ ᠨᠣᠮ ᠤᠨ | ᠰᠠᠩ ᠤᠨ ᠭᠤᠷᠪᠠᠳᠤᠭᠠᠷ ᠳᠡᠰ ᠤᠨ ᠨᠣᠮ ᠤᠨ ᠰᠠᠩ ᠢᠶᠠᠷ ᠦᠨᠡᠯᠡᠭᠳᠡᠪᠡ᠃ 2019 ᠣᠨ ᠤ 10 ᠰᠠᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠰᠣᠶᠣᠯ ᠵᠤᠭᠠᠴᠠᠯ ᠤᠨ ᠲᠢᠩᠬᠢᠮ ᠤᠨ ᠦᠨᠡᠯᠡᠯᠳᠡ ᠪᠠᠷ ᠳᠡᠮᠵᠢᠨ᠂ ᠦᠪᠣᠷ | ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠨ ᠰᠢᠯᠢᠳᠡᠭ ᠨᠣᠮ ᠤᠨ ᠰᠠᠩ ᠤᠨ ᠢᠷᠠᠭᠤ ᠠᠯᠳᠠᠷ ᠤᠨ | ᠴᠣᠯᠠ ᠭᠥᠷᠳᠡᠪᠡ᠃ | ᠨᠣᠮ ᠤᠨ ᠰᠠᠩ ᠨᠢ ︽ᠢᠨᠲ᠋ᠧᠷ ᠰᠦᠯᠵᠢᠶ᠎ᠡ + ᠮᠦᠽᠧᠶ ᠳᠤ ᠬᠠᠳᠠᠭᠠᠯᠠᠵᠤ ᠪᠠᠶᠢᠭ᠎ᠠ ᠡᠬᠢ ᠪᠠᠶᠠᠯᠢᠭ︾ ᠤᠨ | ᠵᠠᠭᠪᠤᠷ ᠢ ᠬᠡᠷᠡᠭᠯᠡᠵᠦ᠂ ᠨᠣᠮ ᠤᠨ ᠰᠠᠩ ᠤᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳᠠᠪᠴᠠᠩ᠂ ᠭᠠᠷ | ᠤᠲᠠᠰᠤᠨ ᠤ App ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠩ ᠳᠥᠭᠦᠮ ᠳᠥᠲᠡ᠂ ᠬᠥᠮᠥᠡᠯᠢᠭ | ᠲᠣᠭᠠᠴᠢᠯᠠᠭᠰᠠᠨ ᠤᠩᠰᠢᠯᠭ᠎ᠠ ᠶᠢᠨ ᠣᠶᠢᠯᠡᠴᠢᠯᠡᠭᠡ ᠬᠠᠩᠭᠠᠵᠣ᠂ ᠪᠦᠬᠦ ᠠᠷᠠᠳ ᠢᠶᠠᠷ ᠢᠶᠠᠨ ᠨᠣᠮ ᠤᠩᠰᠢᠬᠤ ᠤᠯᠠᠨ | ᠵᠠᠭᠤᠴᠢ᠂ ᠤᠯᠠᠨ ᠲᠠᠪᠴᠠᠩ ᠤᠨ ᠠᠭᠤᠰᠤᠯᠴᠠᠯ ᠢ ᠪᠦᠬᠦ ᠲᠠᠯ᠎ᠠ ᠪᠠᠷ ᠠᠬᠢᠭᠤᠯᠪᠠ︔ ᠡᠭᠦᠨ ᠤ ᠬᠠᠮᠲᠤ ᠤᠯᠠᠨ | ᠵᠦᠢᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠠᠰᠢᠭᠯᠠᠵᠤ᠂ ᠢᠦᠢ ᠴᠢᠤᠸᠠᠨ ᠤ ᠦᠯᠢᠬᠡᠷ ᠢ ᠰᠠᠶᠢᠲᠤᠷ | ᠶᠠᠷᠢᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠠᠪᠠ᠃ | ᠢᠦᠶ ᠴᠢᠤᠸᠠᠨ ᠲᠣᠭᠤᠷᠢᠭ ᠤᠨ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠣᠶᠢᠯᠡᠴᠢᠯᠡᠭᠡᠨ ᠤ | ᠰᠢᠰᠲ᠋ᠧᠮ ᠤᠨ ᠪᠠᠶᠢᠭᠤᠯᠣᠯᠳᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠢᠦᠶ ᠴᠢᠤᠸᠠᠨ | ᠲᠣᠭᠤᠷᠢᠭ ᠤᠨ ᠠᠩᠬᠠᠳᠠᠭᠴᠢ 24 ᠴᠠᠭ ᠤᠨ ᠬᠤᠲᠠ ᠶᠢᠨ ᠨᠣᠮ ᠤᠨ ᠥᠷᠥᠭᠡ ᠡᠨᠡ ᠵᠢᠯ ᠤᠨ 7 ᠰᠠᠷ᠎ᠠ ᠶᠢᠨ 1 ᠤ | ᠡᠳᠦᠷ ᠠᠴᠠ ᠵᠢᠩᠬᠢᠨᠢ ᠪᠠᠷᠠᠰᠢᠭᠯᠠᠯᠳᠠ ᠳᠤ ᠣᠷᠣᠪᠠ᠃ ᠨᠣᠮ ᠤᠨ ᠥᠷᠥᠭᠡᠨ ᠤ ᠣᠷᠴᠢᠨ ᠲᠣᠭᠤᠷᠢᠨ ᠴᠡᠪᠡᠷ | ᠰᠠᠶᠢᠬᠠᠨ᠂ ᠨᠠᠮ ᠵᠢᠮ ᠭᠡᠭᠡᠨ ᠰᠠᠷᠠᠭᠤᠯ᠂ ᠶᠡᠭᠡ ᠬᠡᠮᠵᠢᠶᠡᠨ ᠤ ᠨᠣᠮ ᠪᠢᠴᠢᠭ ᠢ ᠤᠩᠰᠢᠭᠴᠢᠳ ᠲᠤ ᠵᠢᠭᠡᠯᠡᠭᠦᠯᠦᠨ | ᠤᠩᠰᠢᠭᠤᠯᠵᠤ᠂ ᠤᠳᠬ᠎ᠠ ᠵᠣᠬᠢᠶᠠᠯ᠂ ᠵᠢᠭᠤᠯᠴᠢᠯᠠᠯ᠂ ᠲᠡᠦᠬᠡ᠂ ᠤᠷᠠᠯᠢᠭ ᠵᠡᠷᠭᠡ ᠡᠯ᠎ᠡ ᠶᠡᠭᠡ ᠲᠥᠷᠥᠯ ᠵᠦᠢᠯ ᠢ | ᠬᠠᠮᠤᠷᠤᠭᠰᠠᠨ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠬᠤᠲᠠ ᠶᠢᠨ ᠨᠣᠮ ᠤᠨ ᠥᠷᠥᠭᠡᠨ ᠳᠡᠭᠡᠨ 24 ᠴᠠᠭ ᠤᠨ | ᠥᠪᠡᠰᠦᠪᠡᠨ ᠦᠢᠯᠡᠴᠢᠯᠡᠬᠦ ᠣᠶᠢᠯᠡᠴᠢᠯᠡᠭᠡ ᠶᠢ ᠬᠡᠷᠡᠭᠵᠢᠭᠦᠯᠵᠦ᠂ ᠤᠩᠰᠢᠭᠴᠢᠳ ᠬᠤᠲᠠ ᠶᠢᠨ ᠨᠣᠮ ᠤᠨ | ᠥᠷᠥᠭᠡᠨ ᠳᠤ ᠨᠣᠮ ᠤᠨ ᠰᠠᠩ ᠤᠨ ︽ᠪᠦᠷᠢᠨ ᠬᠡᠷᠡᠭᠴᠡᠭᠡᠲᠥ ᠺᠠᠷᠲ︾ ᠤᠨ ᠣᠩᠰᠢᠭᠴᠢᠳ ᠤᠨ ᠦᠨᠡᠮᠯᠡᠯ ᠢ | ᠬᠦᠢᠴᠡᠳᠬᠡᠪᠡᠯ ᠳᠠᠷᠤᠶ ᠣᠷᠣᠵᠤ ᠪᠣᠯᠤᠨ᠎ᠠ᠂ ᠨᠣᠮ ᠤᠨ ᠥᠷᠥᠭᠡ ᠳᠤ ᠤᠲᠠᠰᠤ ᠦᠭᠡᠢ ᠪᠠᠷ ᠰᠦᠯᠵᠢᠶᠡᠨ ᠳᠤ | ᠭᠠᠷᠴᠤ ᠮᠡᠳᠡᠭᠡ ᠵᠠᠩᠭᠢ ᠭᠦᠶᠦᠯᠭᠡᠨ ᠦᠵᠡᠬᠦ᠂ ᠥᠪᠡᠷ ᠢᠶᠠᠨ ᠨᠣᠮ ᠵᠢᠭᠡᠯᠡᠨ ᠤᠩᠰᠢᠬᠤ᠂ ᠺᠣᠳ᠋ ᠰᠢᠷᠪᠢᠵᠦ | ᠡᠯᠧᠺᠲᠷᠣᠨ ᠨᠣᠮ ᠪᠢᠴᠢᠭ ᠪᠠ ᠳᠠᠭᠤ ᠳᠦᠷᠰᠦ ᠰᠢᠩᠭᠡᠭᠡᠯᠲᠡ ᠶᠢ ᠪᠠᠭᠤᠯᠭᠠᠨ ᠠᠪᠴᠤ᠂ ᠪᠠᠰᠠ ᠰᠣᠶᠣᠯ ᠤᠨ | ᠰᠣᠯᠢᠯᠴᠠᠭ᠎ᠠ᠂ ᠤᠩᠰᠢᠵᠤ ᠰᠤᠷᠤᠯᠴᠠᠬᠤ ᠠᠵᠢᠯᠯᠠᠭ᠎ᠠ ᠥᠷᠨᠢᠭᠦᠯᠵᠦ ᠪᠣᠯᠤᠨ᠎ᠠ᠂ ᠨᠣᠮ ᠤᠨ ᠥᠷᠥᠭᠡᠨ ᠳᠡᠭᠡᠨ | ᠥᠪᠡᠷᠲᠡᠭᠡᠨ ᠨᠣᠮ ᠪᠤᠴᠠᠭᠠᠬᠤ ᠮᠠᠰᠢᠨ᠂ ᠡᠯᠧᠺᠲᠷᠣᠨ ᠨᠣᠮ ᠵᠢᠭᠡᠯᠡᠬᠦ ᠮᠠᠰᠢᠨ᠂ ᠡᠯᠧᠺᠲᠷᠣᠨ ᠰᠣᠨᠢᠨ ᠰᠡᠳᠬᠦᠯ | ᠤᠩᠰᠢᠬᠤ ᠮᠠᠰᠢᠨ ᠵᠡᠷᠭᠡ ᠲᠥᠬᠦᠭᠡᠷᠦᠮᠵᠢ ᠪᠡᠯᠡᠳᠬᠡᠵᠦ᠂ ᠬᠤᠲᠠ ᠶᠢᠨ ᠠᠷᠠᠳ ᠲᠤ 24 ᠴᠠᠭ ᠤᠨ ᠰᠣᠶᠢᠳᠬᠡᠯ | ᠬᠤᠷᠢᠶᠠᠬᠤ ᠦᠭᠡᠢ ᠦᠢᠯᠡᠴᠢᠯᠡᠭᠡ ᠬᠠᠩᠭᠠᠵᠦ ᠪᠠᠶᠢᠨ᠎ᠠ᠃ ︵ᠰᠤᠷᠪᠤᠯᠵᠢᠯᠠᠭᠴᠢ ᠠᠷᠢᠭᠤᠨ᠎ᠠ︶ | http://mongol.people.com.cn/15826893.html |