ᠬᠤᠲᠠ ᠶᠢᠨ ᠵᠠᠰᠠᠭ ᠤᠨ ᠣᠷᠳᠣᠨ ᠤ 2020 ᠣᠨ ᠤ 15 ᠳ᠋ᠤᠭᠠᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/19
ᠵᠠᠩ ᠪᠠᠢ ᠴᠧᠩ ᠡᠷᠬᠢᠯᠡᠵᠦ  ᠯᠥᠸᠧ ᠴᠢᠩ ᠣᠷᠣᠯᠴᠠᠪᠠ      10 ᠳ᠋ᠤᠭᠠᠷ ᠰᠠᠷ᠎ᠠ ᠶᠢᠨ 15 ᠤ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 15 ᠳ᠋ᠤᠭᠠᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ 2020 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠰᠠᠨ ᠠᠷᠠᠳ ᠲᠤ ᠠᠰᠢᠭ ᠬᠦᠷᠳᠡᠭᠡᠬᠦ  ᠪᠣᠳᠠᠲᠤ ᠠᠵᠢᠯ ᠪᠠ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠳᠤ ᠳᠠᠬᠢᠨᠲᠠ ᠲᠣᠬᠢᠷᠠᠭᠤᠯᠤᠯᠲᠠ ᠬᠢᠵᠦ᠂ ᠳᠠᠬᠢᠨᠲᠠ ᠲᠦᠯᠬᠢᠨ ᠠᠬᠢᠭᠤᠯᠪᠠ᠃      ᠬᠤᠷᠠᠯ ᠠᠴᠠ ᠵᠢᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠨ ᠪᠡᠶᠡᠯᠡᠭᠦᠯᠬᠦ ᠨᠢ ᠲᠤᠶᠢᠯ ᠤᠨ ᠶᠡᠭᠡ ᠠᠴᠢ ᠬᠤᠯᠪᠣᠭᠳᠠᠯ ᠲᠠᠢ᠂ ᠣᠨᠴᠠᠭᠠᠶᠢᠯᠠᠨ ᠮᠠᠨ ᠤ ᠬᠤᠲᠠ ᠶᠢᠨ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ  ᠲᠤᠳᠤᠷᠬᠠᠶᠢᠯᠠᠭᠰᠠᠨ ᠡᠯ᠎ᠡ ᠵᠦᠢᠯ ᠤᠨ ᠡᠭᠦᠷᠭᠡ ᠬᠠᠷᠠᠯᠲᠠ ᠪᠣᠯ ᠪᠦᠬᠦ ᠬᠤᠲᠠ ᠶᠢᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠣᠨ᠎ᠠ᠂ ᠵᠠᠪᠠᠯ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠬᠤᠲᠠ ᠶᠢᠨ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠲᠤᠷᠬᠠᠶᠢᠯᠠᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠡᠭᠦᠷᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠨ ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ︔ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠠᠵᠢᠯ ᠤᠨ ᠳᠤᠮᠳᠠᠬᠢ ᠪᠠᠭᠤᠷᠠᠢ ᠭᠤᠭᠴᠤᠭ᠎ᠠ ᠶᠢ ᠠᠳᠬᠤᠵᠤ᠂  ᠠᠬᠢᠴᠠ ᠪᠠᠷ ᠨᠡᠯᠢᠶᠡᠳ ᠤᠳᠠᠭᠠᠨ ᠠᠵᠢᠯ ᠤᠨ ᠳᠤᠲᠠᠭᠤᠳᠠᠯ ᠢ ᠠᠳᠬᠤᠵᠤ᠂ ᠦᠯᠡᠳᠡᠵᠦ ᠪᠠᠶᠢᠭ᠎ᠠ ᠠᠰᠢᠭᠲᠠᠢ ᠠᠵᠢᠯ ᠤᠨ ᠬᠤᠭᠤᠴᠠᠭ᠎ᠠ ᠶᠢ ᠠᠰᠢᠭᠯᠠᠨ᠂ ᠪᠣᠭᠤᠮᠲᠠ ᠰᠢᠪᠲᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ︔ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠬᠠᠷᠢᠯᠴᠠᠨ ᠬᠠᠮᠵᠢᠯᠴᠠᠵᠤ ᠵᠣᠬᠢᠴᠠᠯᠳᠤᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠢ ᠤᠷᠤᠭᠰᠢ ᠲᠦᠯᠬᠢᠬᠦ ᠨᠡᠶᠢᠯᠡᠯ ᠬᠦᠴᠦᠨ ᠢ ᠦᠨᠡᠨᠬᠦ ᠪᠦᠷᠢᠯᠳᠦᠭᠦᠯᠦᠨ᠂ ᠪᠦᠬᠦ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠬᠤᠲᠠ ᠶᠢᠨ ᠠᠷᠠᠳ ᠲᠦᠮᠡᠨ ᠳᠤ ᠰᠡᠳᠬᠢᠯ ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠰᠢᠦᠢ ᠷᠦᠢ ᠰᠢᠶᠠ᠂ ᠮᠠᠤ ᠪᠣᠣ ᠹᠧᠩ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号