ᠬᠥᠬᠡᠬᠤᠲᠠ ᠶᠢᠨ 16216 ᠲᠦᠮᠡᠨ ᠲᠡᠭᠰᠢ ᠳᠥᠷᠪᠡᠯᠵᠢᠨ ᠮᠧᠲᠷ ᠤᠨ ᠢᠯᠴᠢ ᠬᠠᠩᠭᠠᠬᠤ  ᠭᠠᠵᠠᠷ   ᠪᠦᠬᠦᠨ ᠢᠶᠠᠷ ᠢᠶᠠᠨ ᠢᠯᠴᠢ ᠬᠠᠩᠭᠠᠪᠠ
ᠨᠡᠶᠢᠲᠡᠯᠡᠭᠰᠡᠨ ᠴᠠᠭ᠄
2020/10/19
    ᠰᠤᠷᠪᠤᠯᠵᠢᠯᠠᠭᠴᠢ  ᠬᠦᠬᠡᠬᠠᠳᠡ ᠶᠢᠨ ᠨᠡᠶᠢᠲᠡ ᠶᠢᠨ ᠬᠡᠷᠡᠭᠯᠡᠭᠡᠨ ᠤ ᠠᠵᠢᠯ ᠣᠶᠢᠯᠡᠰ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 15 ᠤ ᠡᠳᠤᠷ᠂ ᠪᠥᠬᠦ ᠬᠤᠲᠠ ᠶᠢᠨ 4  ᠢᠯᠴᠢ ᠴᠠᠬᠢᠯᠭᠠᠨ ᠤ  ᠣᠶᠢᠯᠡᠳᠪᠣᠷᠢ᠂ 5 ᠲᠣᠮᠣ  ᠬᠡᠯᠪᠡᠷᠢ ᠶᠢᠨ ᠢᠯᠴᠢ ᠡᠭᠦᠰᠭᠡᠭᠴᠢ ᠣᠶᠢᠯᠡᠳᠪᠣᠷᠢ᠂ 26  ᠨᠡᠭᠦᠷᠡᠰᠤ ᠰᠢᠲᠠᠭᠠᠵᠦ ᠢᠯᠴᠢ ᠬᠠᠩᠭᠠᠬᠤ ᠵᠤᠤᠬ᠎ᠠ ᠂ 128 ᠰᠠᠭᠤᠭᠠᠯᠢ ᠠᠷᠠᠳ ᠤᠨ ᠰᠢᠲᠠᠮᠠᠬᠠᠶ ᠬᠡᠶ ᠢᠯᠴᠢ ᠬᠠᠩᠭᠠᠬᠤ ᠵᠤᠤᠬ᠎ᠠ  ᠴᠥᠮ ᠡᠬᠢᠯᠡᠨ ᠢᠯᠴᠢ ᠬᠠᠩᠭᠠᠪᠠ᠃ ᠪᠦᠬᠦ ᠬᠤᠲᠠ ᠶᠢᠨ 16216 ᠲᠦᠮᠡᠨ ᠲᠡᠭᠰᠢ ᠳᠥᠷᠪᠡᠯᠵᠢᠨ ᠮᠧᠲᠷ  ᠤᠨ ᠢᠯᠴᠢ ᠬᠠᠩᠭᠠᠬᠤ  ᠭᠠᠵᠠᠷ ᠪᠦᠬᠦᠨ ᠢᠶᠠᠷ ᠢᠶᠠᠨ ᠢᠯᠴᠢ ᠬᠠᠩᠭᠠᠭᠰᠠᠨ ᠪᠤᠯᠪᠠᠴᠤ167.31 ᠲᠦᠮᠡᠨ ᠲᠡᠭᠰᠢ ᠳᠥᠷᠪᠡᠯᠵᠢᠨ ᠮᠧᠲᠷ ᠤᠨ ᠢᠯᠴᠢ ᠬᠠᠩᠭᠠᠬᠤ ᠬᠤᠭᠤᠯᠠᠢ ᠤᠰᠤ ᠭᠤᠭᠤᠵᠢᠵᠦ  ᠵᠠᠰᠠᠵᠤ ᠪᠠᠶᠢᠭ᠎ᠠ ᠪᠣᠯᠣᠬᠷ ᠂ ᠲᠣᠨᠤᠭ ᠲᠥᠬᠦᠭᠡᠷᠦᠮᠵᠢ ᠶᠢᠨ ᠭᠡᠮᠲᠦᠯ ᠪᠠ ᠴᠠᠬᠢᠯᠭᠠᠨ ᠵᠣᠭᠰᠣᠭᠰᠠᠨ ᠵᠡᠷᠭᠡ ᠰᠢᠯᠲᠠᠭᠠᠨ ᠠᠴᠠ ᠪᠣᠯᠵᠤ ᠬᠠᠩᠭᠠᠯᠭ᠎ᠠ ᠲᠦᠷ ᠵᠣᠭᠰᠣᠪᠠ᠃    ᠬᠦᠬᠡᠬᠠᠳᠡ ᠶᠢᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠶᠦᠨ ᠵᠢᠶᠦ᠋ᠨ ᠢ ᠶᠢᠨ ᠲᠠᠨᠢᠯᠴᠠᠭᠤᠯᠤᠭᠰᠠᠨ ᠢᠶᠠᠷ᠂ ᠬᠥᠬᠡᠬᠤᠲᠠ ᠶᠢᠨ ᠢᠯᠴᠢ ᠬᠠᠩᠭᠠᠬᠤ ᠶᠡᠷᠦᠩᠬᠡᠢ ᠲᠠᠯᠠᠪᠠᠢ ᠨᠢ 16216 ᠲᠦᠮᠡᠨ ᠲᠡᠭᠰᠢ ᠳᠥᠷᠪᠡᠯᠵᠢᠨ ᠮᠧᠲᠷ᠂ ᠡᠭᠦᠨ ᠲᠤ ᠢᠯᠴᠢ ᠴᠠᠬᠢᠯᠭᠠᠨ ᠤ  ᠲᠤᠯᠠᠭᠠᠯᠭ᠎ᠠ 7275 ᠲᠦᠮᠡᠨ ᠲᠡᠭᠰᠢ ᠳᠥᠷᠪᠡᠯᠵᠢᠨ ᠮᠧᠲᠷ᠂ ᠨᠡᠭᠦᠷᠡᠰᠦ ᠲᠦᠯᠡᠵᠦ ᠢᠯᠴᠢ  ᠬᠠᠩᠭᠠᠬᠤ ᠲᠠᠯᠠᠪᠠᠢ 5142 ᠲᠦᠮᠡᠨ ᠲᠡᠭᠰᠢ ᠳᠥᠷᠪᠡᠯᠵᠢᠨ ᠮᠧᠲᠷ᠂ ᠰᠢᠲᠠᠮᠠᠬᠠᠶ ᠬᠡᠶ ᠶᠢᠨ ᠳᠤᠯᠠᠭᠠᠯᠠᠭ᠎ᠠ 3703 ᠲᠦᠮᠡᠨ ᠲᠡᠭᠰᠢ ᠳᠥᠷᠪᠡᠯᠵᠢᠨ ᠮᠧᠲᠷ᠂ ᠴᠠᠬᠢᠯᠭᠠᠨ ᠢᠯᠴᠢ ᠬᠠᠩᠭᠠᠬᠤ  ᠲᠠᠯᠠᠪᠠᠢ 96 ᠲᠦᠮᠡᠨ ᠲᠡᠭᠰᠢ ᠳᠥᠷᠪᠡᠯᠵᠢᠨ  ᠮᠧᠲᠷ  ᠪᠣᠯᠣᠨ᠎ᠠ᠃ ᠡᠨᠡ ᠵᠢᠯ ᠨᠡᠭᠦᠷᠡᠰᠦ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ 160 ᠲᠣᠰᠬᠤᠨ ᠳᠤ ᠬᠤᠯᠪᠣᠭᠳᠠᠵᠤ᠂ ᠶᠡᠷᠦᠩᠬᠡᠶ ᠢᠯᠴᠢ ᠬᠠᠩᠭᠠᠬᠤ ᠲᠠᠯᠠᠪᠠᠶ ᠨᠢ 1300 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ ᠲᠥᠪᠯᠡᠷᠡᠭᠦᠯᠦᠨ ᠢᠯᠴᠢ ᠬᠠᠩᠭᠠᠬᠤ ᠨᠢ 650 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃    ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠦᠢᠲᠡᠨ ᠣᠷᠣᠰᠬᠠᠯ ᠢ ᠠᠷᠭᠠᠴᠠᠵᠤ᠂ ᠥᠷᠭᠡᠨ ᠣᠯᠠᠨ ᠬᠤᠲᠠ ᠶᠢᠨ ᠠᠷᠠᠳ ᠲᠤ ᠨᠢᠭᠡᠨ ᠳᠤᠯᠠᠭᠠᠨ ᠣᠷᠴᠢᠨ ᠲᠣᠭᠤᠷᠢᠨ  ᠲᠠᠢ ᠪᠠᠶᠢᠯᠭᠠᠬᠤ ᠶᠢᠨ ᠲᠥᠯᠥᠭᠡ᠂ 10 ᠰᠠᠷ᠎ᠠ ᠶᠢᠨ 10 ᠤ ᠡᠳᠦᠷ ᠠᠴᠠ ᠡᠬᠢᠯᠡᠨ ᠡᠯ᠎ᠡ ᠢᠯᠴᠢ ᠬᠠᠩᠭᠠᠬᠤ ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠵᠤᠤᠬ᠎ᠠ ᠪᠠᠨ ᠨᠣᠴᠣᠭᠠᠵᠤ᠂ ᠣᠯᠠᠩᠬᠢ ᠢᠯᠴᠢ ᠬᠠᠩᠭᠠᠬᠤ ᠠᠵᠤ ᠠᠬᠤᠶᠢᠯᠠᠯ 10 ᠰᠠᠷ᠎ᠠ ᠶᠢᠨ 11 ᠤ ᠡᠳᠦᠷ᠂ 12 ᠤᠨ ᠡᠳᠦᠷ ᠠᠴᠠ ᠡᠬᠢᠯᠡᠨ ᠢᠯᠴᠢ  ᠬᠠᠩᠭᠠᠪᠠ᠂ ᠨᠢᠭᠡ ᠬᠡᠰᠡᠭ ᠣᠷᠣᠨ ᠨᠢ  ᠵᠣᠤᠬ᠎ᠠ ᠪᠠ ᠴᠠᠬᠢᠯᠭᠠᠨ ᠤ  ᠣᠶᠢᠯᠡᠳᠪᠣᠷᠢ ᠶᠢ ᠳᠡᠰ ᠳᠡᠪᠰᠢᠭᠦᠯᠦᠨ ᠥᠭᠡᠷᠡᠴᠢᠯᠡᠭᠰᠡᠨ ᠠᠴᠠ  ᠪᠣᠯᠵᠤ᠂ 13 ᠤ ᠡᠳᠦᠷ ᠪᠠ 14 ᠤ ᠡᠳᠦᠷ ᠠᠴᠠ ᠡᠬᠢᠯᠡᠨ ᠵᠤᠤᠬ᠎ᠠ ᠪᠠᠨ ᠨᠣᠴᠣᠭᠠᠵᠤ᠂ ᠣᠳᠣ ᠨᠢᠭᠡᠨᠲᠡ ᠢᠯᠴᠢ  ᠳᠠᠮᠵᠢᠭᠤᠯᠵᠦ᠂ ᠣᠯᠠᠩᠬᠢ ᠰᠠᠭᠤᠭᠠᠯᠢ ᠠᠷᠠᠳ ᠤᠨ ᠭᠡᠷ ᠨᠢᠭᠡᠨᠲᠡ  ᠲᠣᠯᠠᠭᠠᠬᠠᠨ ᠪᠣᠯᠵᠠᠶ᠃ ᠢᠯᠴᠢ ᠬᠠᠩᠭᠠᠬᠤ ᠴᠢᠨᠠᠷ ᠴᠢᠨᠰᠠᠭ᠎ᠠ ᠶᠢᠨ ᠲᠠᠯ᠎ᠠ ᠪᠠᠷ ᠬᠢ ᠰᠠᠭᠤᠭᠠᠯᠢ ᠠᠷᠠᠳ ᠤᠨ ᠲᠤᠰᠬᠠᠯ ᠮᠠᠰᠢ ᠰᠠᠶᠢᠨ ᠪᠠᠶᠢᠨ᠎ᠠ᠃ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠠᠵᠢᠯ ᠣᠶᠢᠯᠡᠰ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠲᠣᠮᠢᠯᠠᠭᠰᠠᠨ ᠲᠠᠪᠤᠨ ᠬᠢᠨᠠᠨ ᠪᠠᠶᠢᠴᠠᠭᠠᠬᠤ ᠳᠤᠭᠤᠶᠢᠯᠠᠩ ᠬᠤᠲᠠ ᠶᠢᠨ ᠳᠥᠷᠪᠡᠨ ᠲᠣᠭᠤᠷᠢᠭ ᠵᠢᠴᠢ ᠲᠦᠮᠡᠳ ᠵᠡᠭᠦᠨ ᠬᠤᠰᠢᠭᠤ ᠳᠤ ᠬᠦᠨᠵᠡᠭᠡᠶᠢᠷᠡᠨ ᠪᠠᠶᠢᠴᠠᠭᠠᠵᠤ ᠵᠢᠭᠠᠨ ᠵᠢᠯᠣᠭᠤᠳᠴᠤ᠂ ᠲᠤᠰ  ᠭᠠᠷᠠᠭ ᠤᠨ ᠰᠡᠬᠦᠯᠴᠢ ᠠᠴᠠ ᠡᠬᠢᠯᠡᠨ ᠬᠠᠭᠤᠴᠢᠨ ᠲᠣᠭᠤᠷᠢᠭ ᠵᠢᠴᠢ ᠢᠯᠴᠢ ᠬᠠᠩᠭᠠᠬᠤ ᠳᠤ ᠬᠦᠴᠢᠷ ᠲᠠᠢ ᠰᠠᠭᠤᠭᠠᠯᠢ ᠲᠣᠭᠤᠷᠢᠭ ‍ᠤᠨ‌ᠠᠷᠠᠳ ᠤᠨ ᠭᠡᠷ ᠲᠤ ᠠᠶᠢᠯᠴᠢᠯᠠᠵᠤ ᠬᠠᠯᠠᠮᠵᠢᠯᠠᠬᠤ‌ᠠᠵᠢᠯᠯᠠᠭ᠎ᠠ ᠦᠷᠨᠢᠬᠦᠯᠵᠣ  ᠂  ᠰᠠᠭᠤᠭᠠᠯᠢ ᠠᠷᠠᠳ ᠤᠨ ᠭᠡᠷ ᠲᠤ ᠣᠷᠣᠰᠢᠵᠤ ᠪᠠᠶᠢᠭ᠎ᠠ ᠢᠯᠴᠢ ᠬᠠᠩᠭᠠᠬᠤ ᠠᠰᠠᠭᠤᠳᠠᠯ ᠢ ᠴᠠᠭ ᠲᠤᠬᠠᠶ ᠳᠤᠨᠢ  ᠰᠠᠶᠢᠳᠪᠣᠷᠢᠯᠡᠬᠦ ᠬᠡᠷᠡᠭᠲᠡᠢ ᠭᠡᠵᠦ ᠢᠯᠴᠢ ᠬᠠᠩᠭᠠᠬᠤ ᠡᠯ᠎ᠡ ᠠᠵᠤ ᠠᠬᠤᠶᠢᠯᠠᠯ ᠳᠤ ᠱᠠᠭᠠᠷᠳᠠᠵᠠᠢ᠃    ︵ᠰᠤᠷᠪᠤᠯᠵᠢᠯᠠᠭᠴᠢ ᠯᠢᠦ ᠯᠢ ᠰᠢᠶᠠ︶http://mongol.people.com.cn/15826891.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ