︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/10/19
ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ      2020 ᠣᠨ ᠤ 9 ᠰᠠᠷ᠎ᠠ ᠶᠢᠨ 17 ᠤ ᠡᠳᠦᠷ᠂ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠦᠪᠦᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠬᠠᠮᠲᠤᠷᠠᠨ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠬᠥᠬᠡᠬᠤᠲᠠ ᠵᠠᠰᠠᠭ ᠲᠠᠷᠬᠠᠭᠠᠭᠰᠠᠨ ﹇2020﹈ 24 ᠳ᠋ᠦ᠋ᠭᠡᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ᠳᠣᠷᠣᠭᠰᠢ ︽ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ᠂ ᠡᠳᠦᠭᠡ ᠲᠣᠰ ᠲᠥᠷᠥ ᠶᠢᠨ ᠪᠣᠳᠣᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠡ᠄      ᠨᠡᠶᠢᠲᠡᠯᠡᠭᠰᠡᠨ ᠠᠬᠤᠶ ᠪᠠᠶᠢᠳᠠᠯ      ᠰᠢᠨ᠎ᠡ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠡ ᠲᠣᠭᠤᠷᠢᠭ ᠤᠨ ᠪᠦᠬᠦ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠬᠤᠯᠠ ᠲᠠᠪᠴᠠᠩ᠂ ᠪᠦᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠰᠢᠨ᠎ᠡ ᠬᠥᠳᠡᠯᠭᠡᠬᠦ ᠬᠦᠴᠦᠨ ᠪᠠ ᠲᠤᠷᠰᠢᠯᠲᠠ ᠶᠢᠨ ᠲᠠᠷᠢᠶ᠎ᠠ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ︽ᠪᠣᠳᠠᠲᠠᠶ ᠲᠠᠢ ᠨᠡᠶᠢᠴᠡᠬᠦ᠂ ᠬᠡᠷᠡᠭᠵᠢᠭᠦᠯᠬᠦ ᠳᠤ ᠳᠥᠭᠦᠮ︾ ᠵᠠᠷᠴᠢᠮ ᠶᠣᠰᠣᠭᠠᠷ᠂ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠡᠷᠴᠢᠮ ᠢ ᠦᠷᠭᠦᠯᠵᠢᠯᠡᠨ ᠴᠢᠩᠭᠠᠳᠬᠠᠵᠤ᠂ ᠨᠡᠩ ᠣᠯᠠᠨ ᠠᠷᠠᠯᠵᠢᠶᠠᠴᠢᠨ ᠢ ᠰᠢᠨ᠎ᠡ ᠲᠣᠭᠤᠷᠢᠭ ᠲᠤ ᠪᠡᠯᠡ ᠣᠷᠣᠭᠤᠯᠤᠨ ᠦᠢᠯᠡᠰ ᠪᠣᠰᠬᠠᠵᠤ᠂ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠵᠠᠰᠠᠭ ᠲᠠᠷᠬᠠᠭᠠᠭᠰᠠᠨ ﹇2017﹈ 61 ᠳ᠋ᠦ᠋ᠭᠡᠷ ᠲᠣᠭᠠᠲᠤ︶ ᠶᠢ ᠲᠤᠷᠰᠢᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠰᠢᠨ᠎ᠡ ᠲᠣᠭᠤᠷᠢᠭ ᠤᠨ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠂ ᠨᠡᠩ ᠨᠡᠭᠡᠭᠡᠯᠲᠡᠲᠡᠶ᠂ ᠨᠡᠩ ᠲᠣᠳᠣᠷᠬᠠᠶ᠂ ᠨᠡᠩ ᠦᠨ᠎ᠡ ᠴᠡᠨ᠎ᠡ ᠲᠠᠢ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠵᠠᠰᠠᠪᠤᠷᠢ ᠣᠷᠣᠭᠤᠯᠵᠤ ᠳᠠᠭᠤᠰᠬᠠᠪᠠ᠃      ᠭᠤᠣᠯ ᠠᠭᠤᠯᠭ᠎ᠠ      ᠲᠥᠷᠥ ᠶᠢᠨ ᠪᠣᠳᠣᠯᠭ᠎ᠠ ᠶᠢᠨ ᠪᠦᠬᠦ ᠠᠭᠤᠯᠭ᠎ᠠ ᠨᠢ ᠨᠡᠶᠢᠲᠡ ᠳᠣᠯᠣᠭᠠᠨ ᠪᠦᠯᠦᠭ 27 ᠵᠦᠢᠯ ᠪᠤᠶ᠂ ᠪᠣᠳᠠᠲᠠᠶ ᠨᠢ᠄      ᠨᠢᠭᠡᠳᠦᠭᠡᠷ ᠪᠦᠯᠦᠭ  ᠶᠡᠷᠦᠩᠬᠡᠶ ᠳᠦᠷᠢᠮ᠂ ᠨᠡᠶᠢᠳᠡ 4 ᠵᠦᠢᠯ      ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠷᠠᠭᠤᠯᠤᠨ ᠵᠣᠬᠢᠶᠠᠬᠤ ᠦᠨᠳᠦᠰᠦ ᠪᠠᠷᠢᠮᠲᠠ᠂ ᠳᠡᠮᠵᠢᠬᠦ ᠬᠡᠪᠴᠢᠶ᠎ᠡ ᠶᠢ ᠲᠤᠳᠤᠷᠬᠠᠶᠢᠯᠠᠬᠤ ᠶᠢᠨ ᠬᠠᠮᠲᠤ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠤ ᠦᠢᠯᠡᠰ ᠢ ᠵᠤᠷᠢᠭᠵᠢᠭᠤᠯᠬᠤ ᠲᠥᠷᠥᠯ᠂ ᠭᠤᠤᠯᠯᠠᠬᠤ ᠲᠥᠷᠥᠯ᠂ ᠭᠤᠤᠯᠳᠠᠯᠭ᠎ᠠ ᠲᠠᠢ ᠲᠥᠷᠥᠯ᠂ ᠴᠢᠬᠤᠯᠠ ᠶᠡᠭᠡ ᠲᠥᠷᠥᠯ ᠤᠨ ᠠᠵᠤ ᠦᠢᠯᠡᠰ ᠭᠡᠵᠦ ᠬᠤᠪᠢᠶᠠᠵᠤ᠂ ᠭᠠᠵᠠᠷ ᠬᠡᠷᠡᠭᠯᠡᠬᠦ ᠲᠥᠷᠥᠯ ᠵᠦᠢᠯ ᠳᠤ ᠮᠦ ᠪᠦᠷᠢ ᠳᠤ 400 ᠲᠦᠮᠡᠨ ᠲᠥᠭᠦᠷᠢᠭ ᠤᠨ ᠪᠡᠯᠡ ᠤᠷᠤᠭᠤᠯᠤᠯᠲᠠ ᠶᠢᠨ ᠬᠦᠴᠦᠯᠡᠴᠡ ᠠᠴᠠ ᠳᠣᠤᠷ᠎ᠠ ᠦᠭᠡᠶ ᠵᠥᠪᠰᠢᠶᠡᠷᠡᠨ ᠣᠷᠣᠭᠤᠯᠬᠤ ᠨᠥᠬᠦᠴᠡᠯ ᠲᠣᠬᠢᠷᠠᠭᠤᠯᠪᠠ᠃      ᠬᠤᠶᠠᠳᠤᠭᠠᠷ ᠪᠦᠯᠦᠭ  ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥᠯ ᠵᠦᠢᠯ᠂ ᠨᠡᠶᠢᠲᠡ 8 ᠵᠦᠢᠯ      ᠠᠵᠤ ᠠᠬᠤᠶᠢᠯᠠᠯ ᠤᠨ ᠤᠷᠤᠵᠤ ᠰᠠᠭᠤᠬᠤ ᠳᠤ ᠰᠢᠨ᠎ᠡ ᠲᠣᠭᠤᠷᠢᠭ ᠤᠨ ︽ᠠᠷᠪᠠᠨ ᠨᠢᠭᠡ ᠨᠡᠪᠲᠡᠷᠡᠬᠦ‍ ᠨᠢᠭᠡ ᠲᠡᠭᠰᠢ︾ ᠶᠢᠨ ᠦᠨᠳᠦᠰᠦᠨ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠵᠢᠴᠢ ᠠᠵᠤ ᠠᠬᠤᠶᠢᠯᠠᠯ ᠤᠨ ᠲᠤᠰᠬᠠᠶ ᠠᠰᠢᠭ ᠭᠤᠶᠤᠴᠢᠯᠠᠬᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠯᠠ ᠲᠤᠬᠢᠷᠠᠭᠤᠯᠭ᠎ᠠ᠂ ᠠᠵᠢᠯ ᠣᠯᠭᠤᠯᠲᠠ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠬᠦᠷᠲᠡᠬᠦ ᠶᠢ ᠲᠤᠳᠤᠷᠬᠠᠶᠢᠯᠠᠪᠠ᠃ ᠡᠭᠦᠨ ᠳᠤ᠂ ᠬᠥᠷᠥᠩᠭᠡ ᠶᠢᠨ ᠵᠠᠬ᠎ᠠ ᠳᠡᠯᠭᠡᠭᠦᠷ ᠲᠤ ᠠᠮᠵᠢᠯᠲᠠ ᠲᠠᠢ ᠪᠠᠷ ᠪᠠᠯᠠ ᠲᠣᠬᠢᠷᠠᠭᠤᠯᠭ᠎ᠠ ᠬᠢᠭᠰᠡᠨ ᠠᠵᠤ ᠠᠬᠤᠶᠢᠯᠠᠯ ᠳᠤ ᠬᠠᠮᠤᠭ ᠥᠨᠳᠥᠷ ᠲᠡᠭᠡᠨ 1300 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      ᠭᠤᠷᠪᠠᠳᠤᠭᠠᠷ ᠪᠦᠯᠦᠭ  ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠲᠥᠷᠥᠯ ᠵᠦᠢᠯ᠂ ᠨᠡᠶᠢᠲᠡ 1 ᠵᠦᠢᠯ      ᠵᠣᠷᠢᠭᠵᠢᠭᠤᠯᠬᠤ ᠲᠥᠷᠥᠯ ᠤᠨ ᠠᠵᠤ ᠦᠢᠯᠡᠰ ᠢ ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠬᠦ ᠶᠢ ᠲᠤᠳᠤᠷᠬᠠᠶᠢᠯᠠᠪᠠ᠃      ᠳᠥᠷᠪᠡᠳᠦᠭᠡᠷ ᠪᠦᠯᠦᠭ  ᠭᠤᠤᠯᠯᠠᠬᠤ ᠲᠥᠷᠥᠯ ᠤᠨ ᠠᠵᠤ ᠦᠢᠯᠡᠰ ᠤᠨ ᠲᠥᠷᠥᠯ ᠵᠦᠢᠯ᠂ ᠨᠡᠶᠢᠲᠡ 3 ᠵᠦᠢᠯ      ᠠᠵᠤ ᠠᠬᠤᠶᠢᠯᠠᠯ ᠤᠨ ᠠᠰᠢᠭ ᠣᠷᠣᠯᠭ᠎ᠠ ᠪᠠ ᠬᠤᠪᠢ ᠬᠥᠮᠦᠨ ᠤ ᠠᠰᠢᠭ ᠣᠷᠣᠯᠭ᠎ᠠ ᠨᠢ ᠣᠷᠣᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ ᠲᠠᠯ᠎ᠠ ᠪᠠᠷ ᠬᠢ ᠱᠠᠩᠨᠠᠯ ᠳᠡᠮᠵᠢᠯᠭᠡ ᠤᠯᠭᠤᠬᠤ ᠶᠢ ᠲᠣᠳᠣᠷᠬᠠᠶᠢᠯᠠᠪᠠ᠃ ᠡᠭᠦᠨ ᠳᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠢ ᠬᠤᠪᠢ ᠨᠡᠮᠡᠷᠢ ᠪᠠᠷ᠂ ᠠᠵᠤ ᠠᠬᠤᠶᠢᠯᠠᠯ ᠳᠤ ᠲᠦᠷᠦᠭᠦᠤ 5 ᠵᠢᠯ ᠳᠤ 100%᠂ ᠰᠡᠭᠦᠯ ᠤᠨ 5 ᠵᠢᠯ ᠳᠤ 50% ᠶᠢᠨ ᠲᠡᠩᠴᠡᠭᠦᠤ ᠲᠣᠭᠠᠨ ᠤ ᠱᠠᠩᠨᠠᠯ ᠣᠯᠭᠤᠨ᠎ᠠ︔ ᠠᠵᠤ ᠠᠬᠤᠶᠢᠯᠠᠯ ᠤᠨ ᠳᠡᠭᠡᠳᠦ ᠲᠠᠰ ᠤᠨ ᠬᠠᠮᠢᠶᠠᠷᠤᠭᠴᠢ ᠳᠤ 5 ᠵᠢᠯ ᠳᠠᠷᠠᠭᠠᠯᠠᠨ ᠬᠤᠪᠢ ᠬᠥᠮᠦᠨ ᠤ ᠠᠰᠢᠭ ᠣᠷᠣᠯᠭ᠎ᠠ ᠨᠢ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ 100% ᠪᠠᠷ ᠱᠠᠩᠨᠠᠨ᠎ᠠ᠃      ᠲᠠᠪᠤᠳᠤᠭᠠᠷ ᠪᠦᠯᠦᠭ  ᠭᠤᠤᠯᠳᠠᠯᠭ᠎ᠠ ᠲᠠᠢ ᠲᠥᠷᠥᠯ ᠤᠨ ᠠᠵᠤ ᠦᠢᠯᠡᠰ ᠤᠨ ᠲᠥᠷᠥᠯ ᠵᠦᠢᠯ᠂ ᠨᠡᠶᠢᠲᠡ 5 ᠵᠦᠢᠯ      ᠠᠵᠤ ᠠᠬᠤᠶᠢᠯᠠᠯ ᠤᠨ ᠭᠠᠵᠠᠷ ᠰᠢᠷᠣᠶ ᠬᠡᠷᠡᠭᠯᠡᠬᠦ ᠪᠠ ᠪᠠᠷᠠᠭ᠎ᠠ ᠪᠣᠷᠣᠯᠠᠭᠤᠯᠬᠤ ᠨᠡᠮᠡᠭᠳᠡᠯ ᠥᠷᠲᠡᠭ ᠤᠨ ᠲᠤᠭ᠎ᠠ ᠠᠴᠠ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ ᠲᠠᠯ᠎ᠠ ᠪᠠᠷ ᠬᠢ ᠱᠠᠩᠨᠠᠯ ᠤᠯᠭᠤᠬᠤ ᠶᠢ ᠲᠣᠳᠣᠷᠬᠠᠶᠢᠯᠠᠪᠠ᠃ ᠡᠭᠦᠨ ᠳᠤ᠂ ᠭᠤᠷᠪᠠᠨ ᠵᠢᠯ ᠤᠨ ᠳᠣᠲᠣᠷ᠎ᠠ ᠪᠡᠯᠡ ᠤᠷᠤᠭᠤᠯᠤᠯᠲᠠ ᠶᠢᠨ ᠲᠦᠷᠦᠯ ᠵᠦᠢᠯ ᠢᠶᠠᠨ ᠪᠠᠶᠢᠭᠤᠯᠵᠤ ᠳᠠᠭᠤᠰᠬᠠᠭᠰᠠᠨ ᠲᠦᠷᠦᠯ ᠵᠦᠢᠯ ᠳᠤ ᠲᠡᠭᠦᠨ ᠤ ᠪᠠᠶᠢᠭᠤᠯᠤᠭᠰᠠᠨ ᠬᠡᠰᠡᠭ ᠤᠨ ᠭᠠᠵᠠᠷ ᠰᠢᠷᠣᠶ ᠶᠢᠨ ᠬᠡᠷᠡᠭᠯᠡᠯᠲᠡ ᠨᠢ ᠣᠷᠣᠨ ᠨᠤᠲᠤᠭ ᠤᠨ ᠠᠵᠤ ᠠᠬᠤᠶ ᠶᠢᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ 100% ᠪᠠᠷ ᠬᠠᠮᠤᠭ ᠤᠨ ᠠᠷᠪᠢᠨ ᠳᠤ ᠪᠠᠨ 3 ᠵᠢᠯ ᠤᠨ ᠨᠥᠬᠦᠪᠥᠷᠢ ᠥᠭᠭᠦᠨ᠎ᠡ︔ ᠠᠵᠤ ᠠᠬᠤᠶᠢᠯᠠᠯ ᠤᠨ ᠡᠳ᠋ ᠪᠠᠷᠠᠭ᠎ᠠ ᠶᠢᠨ ᠪᠣᠷᠣᠯᠠᠭᠤᠯᠤᠯᠲᠠ ᠶᠢᠨ ᠥᠷᠲᠡᠭ ᠤᠨ ᠨᠡᠮᠡᠭᠳᠡᠯ ᠤᠨ ᠬᠡᠮᠵᠢᠶ᠎ᠡ ᠨᠢ ᠤᠷᠤᠨ ᠨᠤᠲᠤᠭ ᠤᠨ ᠠᠵᠤ ᠠᠬᠤᠶ ᠳᠤ ᠬᠤᠪᠢ ᠨᠡᠮᠡᠷᠢ ᠦᠵᠡᠭᠦᠯᠦᠭᠰᠡᠨ ᠳᠤ 5 ᠵᠢᠯ 100% ᠤᠨ ᠦᠷᠲᠡᠭ ᠤᠨ ᠱᠠᠩᠨᠠᠯ ᠤᠯᠭᠤᠨ᠎ᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠬᠦ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 1 ᠳ᠋ᠦᠩᠰᠢᠭᠤᠷ ᠲᠥᠭᠦᠷᠢᠭ ᠤᠨ ᠳᠡᠮᠵᠢᠯᠭᠡ ᠣᠯᠭᠤᠨ᠎ᠠ᠃      ᠵᠢᠷᠭᠤᠳᠤᠭᠠᠷ ᠪᠦᠯᠦᠭ  ᠴᠢᠬᠤᠯᠠ ᠶᠡᠭᠡ ᠲᠥᠷᠥᠯ ᠤᠨ ᠠᠵᠤ ᠦᠢᠯᠡᠰ ᠤᠨ ᠲᠥᠷᠥᠯ ᠵᠦᠢᠯ᠂ ᠨᠡᠶᠢᠲᠡ 2 ᠵᠦᠢᠯ      ᠭᠤᠤᠯᠳᠠᠭᠤ ︽ᠤᠯᠤᠰ ᠤᠨ ᠳᠤᠮᠳᠠ ᠤᠷᠲᠤ ᠬᠤᠭᠤᠴᠠᠭᠠᠨ ᠤ ᠰᠢᠨᠵᠢᠯᠡᠬᠦ ᠤᠬᠠᠭᠠᠨ ᠪᠠ ᠮᠡᠷᠭᠡᠵᠢᠯ ᠤᠨ ᠬᠥᠭᠵᠢᠯᠲᠡ ᠶᠢᠨ ᠲᠦᠯᠦᠪᠵᠢᠭᠦᠯᠭᠡ ᠶᠢᠨ ᠲᠣᠪᠴᠢ︾ ︵ᠬᠠᠮᠤᠭ ᠤᠨ ᠰᠢᠨ᠎ᠡ ᠬᠡᠪᠯᠡᠯ︶ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠲᠦᠷᠦᠯ ᠵᠦᠢᠯ ᠳᠤ ᠤᠷᠤᠭᠤᠯᠬᠤ ᠲᠦᠷᠦᠯ ᠵᠦᠢᠯ ᠢᠶᠠᠷ ᠭᠤᠤᠯᠳᠠᠯᠭ᠎ᠠ ᠪᠤᠯᠭᠠᠵᠤ᠂ ᠭᠠᠵᠠᠷ ᠰᠢᠷᠣᠶ ᠬᠤᠳᠠᠯᠳᠤᠨ ᠠᠪᠬᠤ᠂ ᠲᠤᠰᠬᠠᠶ ᠵᠦᠢᠯ ᠭᠤᠶᠤᠴᠢᠯᠠᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠲᠣᠳᠣᠷᠬᠠᠶᠢᠯᠠᠪᠠ᠃ ᠡᠭᠦᠨ ᠳᠤ᠂ ᠠᠵᠤ ᠠᠬᠤᠶᠢᠯᠠᠯ ᠤᠨ ᠭᠠᠵᠠᠷ ᠰᠢᠷᠣᠶ ᠬᠤᠳᠠᠯᠳᠤᠨ ᠠᠪᠤᠭᠰᠠᠨ ᠦᠨ᠎ᠡ ᠶᠢᠨ ᠵᠣᠭᠤᠰ ᠲᠤ ᠪᠦᠬᠦ ᠲᠣᠭᠠᠨ ᠤ ᠨᠥᠬᠦᠪᠥᠷᠢ ᠣᠯᠭᠤᠵᠤ᠂ ᠰᠠᠭᠤᠷᠢᠰᠢᠭᠰᠠᠨ ᠴᠢᠬᠤᠯᠠ ᠶᠡᠭᠡ ᠲᠥᠷᠥᠯ ᠵᠦᠢᠯ ᠳᠤ ᠢᠵᠢ ᠪᠦᠷᠢᠯᠳᠦᠭᠦᠯᠬᠦ ᠪᠡᠯᠡ ᠮᠥᠩᠭᠦ ᠶᠢᠨ ᠳᠡᠮᠵᠢᠯᠭᠡ ᠦᠭᠬᠦᠨ᠎ᠡ᠃      ᠳᠣᠯᠣᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ᠂ ᠨᠡᠶᠢᠲᠡ 4 ᠵᠦᠢᠯ      ᠰᠢᠨ᠎ᠡ ᠲᠣᠭᠤᠷᠢᠭ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠲᠥᠷᠥᠯ ᠵᠦᠢᠯ ᠢ ᠲᠤᠳᠤᠷᠬᠠᠶᠢᠯᠠᠵᠤ᠂ ︽ᠨᠢᠭᠡ ᠬᠡᠷᠡᠭ ᠢ ᠨᠢᠭᠡ ᠵᠦᠪᠯᠡᠵᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠦᠵᠡᠭᠦᠯᠦᠨ᠎ᠡ᠃ ᠡᠭᠦᠨ ᠤ ᠬᠠᠮᠲᠤ᠂ ᠰᠠᠭᠤᠷᠢᠰᠢᠭᠰᠠᠨ ᠠᠵᠤ ᠠᠬᠤᠶᠢᠯᠠᠯ ᠤᠨ ᠲᠥᠷᠥᠯ ᠵᠦᠢᠯ ᠢ ᠵᠥᠪᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠬᠢᠭᠰᠡᠨ ᠦᠭᠡᠢ ᠶᠢ ᠰᠢᠢᠳᠪᠦᠷᠢᠯᠡᠬᠦ ᠠᠷᠭ᠎ᠠ ᠬᠡᠯᠪᠡᠷᠢ ᠶᠢ ᠲᠤᠳᠤᠷᠬᠠᠶᠢᠯᠠᠪᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ