2020 ᠣᠨ ᠤ ᠰᠢᠨ᠎ᠡ ᠬᠤᠲᠠ ᠲᠣᠭᠤᠷᠢᠭ ᠤᠨ ᠶᠠᠳᠠᠭᠤ ᠶᠢ ᠲᠡᠳᠬᠦᠬᠦ ᠡᠳᠦᠷ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2020/10/20
      10 ᠳ᠋ᠤᠭᠠᠷ ᠰᠠᠷ᠎ᠠ ᠶᠢᠨ 17 ᠤ ᠡᠳᠦᠷ᠂ ᠰᠢᠨ᠎ᠡ ᠬᠤᠲᠠ ᠲᠣᠭᠤᠷᠢᠭ ᠤᠨ 2020 ᠣᠨ ᠤ ᠪᠥᠬᠦ ᠤᠯᠤᠰ ᠤᠨ ᠶᠠᠳᠠᠭᠤ ᠶᠢ ᠲᠡᠳᠬᠦᠬᠦ ᠡᠳᠦᠷ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠤᠷᠤᠬᠤᠰᠢᠭᠤ ᠪᠠᠯᠭᠠᠰᠤᠨ ᠤ ᠱᠦᠶ ᠴᠢᠤᠸᠠᠨ ᠲᠣᠰᠬᠤᠨ ᠳᠤ ᠤᠷᠤᠭᠰᠢᠲᠠᠶ ᠶᠠᠪᠤᠭᠳᠠᠪᠠ᠂ ᠡᠨᠡ ᠪᠣᠯ 7 ᠳ᠋ᠤᠭᠠᠷ ᠪᠥᠬᠦ ᠤᠯᠤᠰ ᠤᠨ ᠶᠠᠳᠠᠭᠤ ᠶᠢ ᠲᠡᠳᠬᠦᠬᠦ ᠡᠳᠦᠷ ᠪᠣᠯᠤᠨ᠎ᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ᠭᠧ ᠡᠯ ᠫᠢᠩ ︽ᠪᠦᠬᠦ ᠤᠯᠤᠰ ᠤᠨ ᠶᠠᠳᠠᠭᠤ ᠶᠢ ᠲᠡᠳᠬᠦᠬᠦ ᠰᠠᠨᠠᠭᠠᠴᠢᠯᠠᠭ᠎ᠠ ᠶᠢᠨ ᠪᠢᠴᠢᠭ︾ ᠶᠢ ᠣᠩᠰᠢᠨ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠢ ᠳᠠᠶᠢᠴᠢᠯᠠᠨ ᠥᠷᠭᠡᠨ ᠢᠶᠠᠷ ᠤᠷᠤᠯᠴᠠᠭᠤᠯᠵᠤ᠂ ᠳᠡᠭᠡᠳᠦ ᠳᠣᠣᠷᠠᠳᠤ ᠱᠠᠲᠤᠨ ᠤ ᠬᠢᠨ ᠬᠤᠯᠪᠣᠭᠠᠯᠠᠨ ᠬᠥᠳᠡᠯᠦᠯᠴᠡᠵᠦ᠂ ᠬᠠᠮᠲᠤ ᠪᠠᠷ ᠠᠵᠢᠯᠯᠠᠬᠤ ᠪᠠᠶᠢᠳᠠᠯ ᠢ ᠴᠢᠷᠮᠠᠶᠢᠨ ᠪᠤᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠶᠢ ᠤᠭᠲᠤᠨ ᠪᠠᠶᠢᠯᠳᠤᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠪᠦᠬᠦ ᠤᠯᠤᠰ ᠤᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ︽ᠶᠠᠳᠠᠭᠤ ᠬᠦᠴᠢᠷᠳᠡᠯ ᠢ  ᠠᠷᠢᠯᠭᠠᠵᠤ᠂ ᠭᠠᠷ ᠬᠤᠯᠪᠣᠨ ᠴᠢᠨᠡᠭᠡᠯᠢᠭᠵᠢᠭᠦᠯᠬᠦ︾ ᠶᠢ ᠰᠠᠨᠠᠭᠠᠴᠢᠯᠠᠪᠠ᠃
     ᠲᠣᠪᠴᠢᠶᠠᠨ ᠳᠠᠷᠤᠭ᠎ᠠ ᠭᠧ ᠡᠯ ᠫᠢᠩ ᠢᠯᠡᠷᠬᠡᠶᠢᠯᠡᠭᠰᠡᠨ ᠨᠢ᠂ ᠤᠶᠢᠷ᠎ᠠ ᠶᠢᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠠᠬᠢᠯᠲᠠ ᠳᠣᠤᠷ᠎ᠠ᠂ ᠰᠢᠨ᠎ᠡ ᠬᠤᠲᠠ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠨᠠᠶᠢᠲᠠᠪᠤᠷᠢᠵᠢᠭᠤᠯᠵᠤ ᠥᠪᠡᠷ ᠤᠨ ᠪᠡᠶ᠎ᠡ ᠪᠠᠷ ᠢᠶᠠᠨ ᠬᠢᠵᠦ᠂ ᠡᠯ᠎ᠡ ᠰᠠᠯᠠᠭ᠎ᠠ ᠮᠥᠴᠢᠷ ᠬᠠᠮᠵᠢᠯᠴᠠᠨ ᠬᠠᠮᠵᠢᠯᠴᠠᠵᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠭᠦᠵᠦ᠂ ᠶᠠᠳᠠᠭᠤ ᠶᠢ ᠲᠡᠳᠬᠦᠬᠦ ᠡᠯ᠎ᠡ ᠵᠣᠶᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠰᠢᠨ᠎ᠡ ᠬᠤᠲᠠ ᠲᠣᠭᠤᠷᠢᠭ 2016 ᠤᠨ ᠳᠤ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠪᠦᠬᠦ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠤᠷᠢᠳᠠᠪᠠᠷ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠣᠯ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠬᠠᠷᠢᠭᠤᠴᠠᠯᠭ᠎ᠠ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠵᠢᠯ ᠳᠤ᠂ ᠪᠦᠬᠦ ᠨᠠᠮ ᠤᠨ ᠭᠡᠰᠢᠭᠦᠨ ᠺᠠᠳ᠋ᠷᠴᠤᠳ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠤᠯᠬᠤ ᠶᠢ ᠬᠦᠰᠡᠵᠦ ᠪᠠᠶᠢᠨ᠎ᠠ ᠭᠡᠪᠡ᠃  
     ᠰᠢᠨ᠎ᠡ ᠬᠤᠲᠠ ᠲᠣᠭᠤᠷᠢᠭ ᠤᠨ ᠰᠢᠨᠵᠢᠯᠡᠬᠦ ᠮᠡᠷᠭᠡᠵᠢᠯ ᠤᠨ ᠲᠣᠪᠴᠢᠶ᠎ᠠ ᠶᠢᠨ ᠸᠠᠩ ᠬᠤᠩ ᠪᠢᠨ ᠰᠢᠨ᠎ᠡ ᠬᠤᠲᠠ ᠲᠣᠭᠤᠷᠢᠭ ᠤᠨ 20 ᠭᠠᠷᠤᠶ ᠰᠢᠨᠵᠢᠯᠡᠬᠦ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠳᠠᠭᠠᠭᠤᠯᠤᠨ ᠡᠨᠡ ᠤᠳᠠᠭᠠᠨ ᠤ ᠡᠬᠢᠯᠡᠯᠲᠡ ᠶᠢᠨ ᠶᠣᠰᠣᠯᠠᠯ ᠳᠤ ᠤᠷᠤᠯᠴᠠᠵᠤ᠂ ᠲᠤᠬᠠᠶ ᠶᠢᠨ ᠲᠠᠯᠠᠪᠠᠶ ᠳᠤ ᠲᠣᠰᠬᠤᠨ ᠤ ᠠᠷᠠᠳ ᠲᠤ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ︾ ᠪᠣᠯᠤᠨ ︽ᠬᠦᠯᠡᠮᠵᠢ ᠳᠤ ᠲᠠᠷᠢᠵᠤ ᠪᠤᠶᠢᠵᠢᠭᠤᠯᠬᠤ ᠬᠡᠷᠡᠭᠯᠡᠭᠡᠨ ᠤ ᠭᠠᠷ ᠳᠡᠪᠲᠡᠷ︾ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠡᠳᠬᠦᠯ ᠨᠡᠶᠢᠲᠡ 400 ᠭᠠᠷᠤᠶ ᠳᠡᠪᠲᠡᠷ ᠲᠠᠷᠬᠠᠭᠠᠵᠤ᠂ 300 ᠭᠠᠷᠤᠶ ᠠᠯᠴᠢᠭᠤᠷ ᠲᠠᠯᠪᠢᠵᠤ᠂ ᠡᠭᠦᠨ ᠤ ᠬᠠᠮᠲᠤ ᠣᠶᠢᠷ᠎ᠠ ᠬᠠᠪᠢ ᠶᠢᠨ ᠲᠠᠷᠢᠶᠠᠴᠢᠨ ᠡᠷᠦᠬᠡ ᠳᠤ ᠲᠠᠷᠢᠮᠠᠯ ᠤᠨ ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠲᠤᠭᠤᠷᠢᠭ ᠤᠨ ᠡᠷᠡᠭᠦᠯ ᠬᠠᠮᠠᠭᠠᠯᠠᠯ ᠤᠨ ᠲᠥᠯᠥᠪᠯᠡᠭᠡ ᠶᠢᠨ ᠰᠠᠯᠠᠭ᠎ᠠ ᠮᠥᠴᠢᠷ ᠠᠴᠠ ᠵᠠᠯᠠᠭᠰᠠᠨ ᠡᠮᠴᠢ ᠲᠣᠰᠬᠤᠨ ᠤ ᠠᠷᠠᠳ ᠲᠤ ᠠᠯᠪᠠᠨ ᠵᠢᠷᠤᠮ ᠤᠨ ᠡᠮᠴᠢᠯᠡᠭᠡ ᠬᠢᠵᠦ ᠦᠭᠴᠦ ᠂ ᠬᠡᠷ ᠤᠨ ᠡᠳᠦᠷ ᠲᠤᠲᠤᠮ ᠤᠨ ᠬᠡᠷᠡᠭᠰᠡᠬᠦ ᠡᠮ ᠢ ᠦᠨ᠎ᠡ ᠲᠥᠯᠥᠪᠦᠷᠢ ᠥᠬᠡᠶ ᠪᠠᠷ ᠲᠠᠷᠬᠠᠭᠠᠵᠤ᠂ ᠲᠣᠰ ᠤᠳᠠᠭᠠᠨ ᠤ ᠶᠠᠳᠠᠭᠤ ᠶᠢ ᠲᠡᠳᠬᠦᠬᠦ ᠠᠵᠢᠯᠯᠠᠭ᠎ᠠ ᠨᠢ ᠶᠠᠳᠠᠭᠤ ᠬᠦᠴᠢᠷᠳᠡᠯᠲᠡᠶ ᠡᠷᠦᠬᠡ ᠶᠢᠨ ᠬᠠᠬᠢᠷ ᠭᠦᠢᠲᠡᠨ ᠠᠭᠤᠷ ᠠᠮᠢᠰᠬᠤᠯ ᠳᠤ ᠬᠢᠵᠠᠭᠠᠯᠠᠰᠢ ᠥᠬᠡᠶ ᠬᠠᠯᠠᠭᠤᠨ ᠳᠤᠯᠠᠭᠠᠨ ᠬᠦᠷᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号