ᠵᠠᠩ ᠶᠦᠩ ᠸᠧᠨ᠄ ᠰᠢᠨ᠎ᠡ ᠣᠶᠢᠯᠠᠭᠠᠭᠳᠠᠬᠤᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠬᠤᠷᠢᠨᠭᠡᠷ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2020/10/20
     10 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠨᠳᠤᠷᠴᠡ ᠳᠡᠭᠡᠷ᠎ᠡ ᠵᠣᠭᠰᠣᠵᠤ᠂ ᠪᠦᠬᠦ ᠰᠢᠶᠠᠨ ᠤ ᠶᠡᠭᠡ ᠲᠠᠯ᠎ᠠ ᠶᠢ ᠡᠷᠬᠢᠮᠯᠡᠬᠦ ᠦᠨᠳᠤᠷᠴᠡ ᠳᠡᠭᠡᠷ᠎ᠡ ᠵᠣᠭᠰᠣᠵᠤ᠂ ᠠᠷᠠᠳ ᠤᠯᠠᠨ ᠢᠶᠠᠷ ᠭᠤᠤᠯ ᠪᠣᠯᠭᠠᠬᠤ ᠦᠨᠳᠤᠷᠴᠠ ᠳᠡᠭᠡᠷ᠎ᠡ ᠵᠣᠭᠰᠣᠵᠣ᠂ ᠤᠬᠠᠮᠰᠠᠷ ᠠᠴᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠬᠤᠷᠢᠨᠭᠡᠷ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠥᠪᠡᠷ ᠤᠨ ᠪᠡᠶ᠎ᠡ ᠪᠠᠨ ᠬᠤᠪᠢᠷᠠᠭᠤᠯᠬᠤ ᠰᠥᠰᠥ ᠵᠣᠷᠢᠭ ᠪᠠ ᠡᠷᠴᠢ ᠵᠣᠷᠢᠭ ᠢᠶᠠᠨ ᠨᠡᠮᠡᠭᠳᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠦᠨᠡᠨᠬᠦ ᠨᠠᠩ ᠶᠡᠭᠡ ᠰᠢᠪᠲᠤᠯᠤᠯᠲᠠ ᠭᠠᠷᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠨᠠᠩ ᠶᠡᠭᠡ ᠠᠬᠢᠴᠠ ᠲᠠᠢ ᠪᠣᠯᠵᠣ᠂ ᠰᠢᠨ᠎ᠡ ᠣᠶᠢᠯᠠᠭᠠᠭᠳᠠᠬᠤᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠂ ᠬᠤᠷᠢᠨᠭᠡᠷ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠰᠡᠨ ᠪᠠᠶᠢᠨ᠎ᠠ᠃      ᠵᠠᠩ ᠶᠦᠩ ᠸᠧᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠴᠣᠩᠬᠤᠪᠴᠢ ᠶᠢ ᠨᠢᠭᠡᠳ ᠨᠢᠭᠡ ᠪᠠᠷ ᠪᠠᠶᠢᠴᠠᠭᠠᠨ ᠦᠵᠡᠵᠦ᠂ ᠠᠵᠢᠯᠲᠠᠨ ᠪᠣᠯᠤᠨ ᠰᠢᠢᠳᠪᠦᠷᠢᠯᠡᠬᠦ ᠤᠴᠢᠷ ᠶᠠᠪᠤᠳᠠᠯ  ᠲᠠᠢ ᠣᠯᠠᠨ ᠲᠦᠮᠡᠨ ᠲᠠᠢ ᠳᠣᠲᠣᠨᠣ ᠪᠠᠷ ᠵᠣᠭᠤᠭᠳᠠᠵᠤ᠂ ᠡᠯ᠎ᠡ ᠰᠠᠯᠠᠭ᠎ᠠ ᠮᠥᠴᠢᠷ ᠤᠨ ᠠᠵᠢᠯ ᠥᠷᠨᠢᠭᠦᠯᠦᠭᠰᠡᠨ ᠪᠠᠶᠢᠳᠠᠯ᠂ ᠠᠵᠢᠯᠲᠠᠨ ᠲᠣᠬᠢᠷᠠᠭᠤᠯᠬᠤ᠂ ᠭᠦᠢᠴᠡᠳᠬᠡᠬᠦ ᠤᠴᠢᠷ ᠶᠠᠪᠤᠳᠠᠯ ᠵᠢᠴᠢ ᠠᠵᠢᠯ ᠤᠨ ᠬᠡᠮᠵᠢᠶ᠎ᠡ ᠵᠡᠷᠭᠡ ᠬᠠᠮᠢᠶ᠎ᠠ ᠪᠦᠬᠦᠢ ᠪᠠᠶᠢᠳᠠᠯ ᠢ ᠬᠢᠨᠠᠮᠠᠭᠠᠶ ᠣᠶᠢᠯᠠᠭᠠᠬᠤ ᠬᠡᠷᠡᠭᠲᠡᠶ᠃ ᠲᠡᠷᠡ ᠴᠢᠬᠤᠯᠠᠴᠢᠯᠠᠭᠰᠠᠨ ᠨᠢ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠠᠷᠠᠳ ᠣᠯᠠᠨ ᠤ ᠬᠡᠷᠡᠭᠴᠡᠭᠡ᠂ ᠬᠦᠰᠡᠯᠲᠡ ᠪᠠᠷ ᠡᠬᠢᠯᠡᠯᠲᠡ ᠶᠢᠨ ᠴᠡᠭ ᠪᠣᠯᠤᠨ ᠦᠷ᠎ᠡ ᠳ᠋ᠦᠩ ᠪᠣᠯᠭᠠᠵᠤ᠂ ᠴᠢᠬᠤᠯᠠ ᠨᠥᠬᠦᠴᠡᠯ ᠪᠣᠯᠤᠨ ᠵᠠᠩᠭᠢᠯᠠᠭ᠎ᠠ ᠶᠢ ᠤᠯᠠᠮ ᠨᠢᠭᠡ ᠠᠯᠬᠤᠮ ᠪᠠᠭᠠᠰᠬᠠᠨ᠂ ᠴᠤᠪᠤᠷᠠᠯ ᠢ ᠳᠠᠬᠢᠨ ᠪᠠᠶᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠬᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠪᠠᠷ ᠴᠢᠷᠮᠠᠶᠢᠬᠤ ᠬᠡᠷᠡᠭᠲᠡᠶ ᠭᠡᠪᠡ᠃      ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠵᠠᠩ ᠶᠦᠩ ᠸᠧᠨ ᠠᠬᠤᠶ ᠲᠠᠯᠠᠪᠠᠶ ᠶᠢᠨ ᠠᠵᠢᠯᠯᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠰᠠᠯᠠᠭ᠎ᠠ ᠮᠥᠴᠢᠷ ᠲᠤ ᠪᠣᠳᠠᠲᠠᠶ ᠱᠠᠭᠠᠷᠳᠠᠯᠭ᠎ᠠ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠣᠯᠠᠨ ᠲᠦᠮᠡᠨ ᠪᠣᠯᠤᠨ ᠠᠵᠤ ᠠᠬᠤᠶᠢᠯᠠᠯ ᠤᠨ ᠬᠠᠨᠤᠮᠵᠢᠲᠤ ᠬᠡᠮᠵᠢᠶ᠎ᠡ᠂ ᠬᠦᠷᠲᠡᠭᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠣ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠪᠠᠷᠢᠮᠵᠢᠶᠠᠵᠢᠭᠤᠯᠤᠯᠲᠠ᠂ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠣᠷᠣᠭᠤᠯᠪᠠᠰᠤ ᠵᠣᠬᠢᠬᠤ ᠵᠦᠢᠯ ᠢ ᠵᠠᠪᠠᠯ ᠣᠷᠣᠭᠤᠯᠬᠤ ᠶᠢ ᠪᠡᠶᠡᠯᠡᠭᠦᠯᠵᠦ᠂ ᠦᠢᠯᠡᠴᠢᠯᠡᠭᠡᠨ ᠤ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ᠃ ᠣᠯᠠᠨ ᠲᠦᠮᠡᠨ ᠢ ᠠᠵᠢᠯ ᠶᠠᠪᠤᠳᠠᠯ ᠪᠦᠲᠦᠭᠡᠬᠦ ᠳᠤ ᠬᠥᠮᠦᠨ ᠢ ᠡᠷᠢᠬᠦ ᠦᠭᠡᠶ᠂ ᠠᠵᠤ ᠠᠬᠤᠶᠢᠯᠠᠯ ᠤᠨ ᠲᠥᠷᠥᠯ ᠵᠦᠢᠯ ᠢ ᠪᠣᠳᠠᠲᠠᠶ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠭᠠᠵᠠᠷ ᠰᠢᠷᠣᠶ ᠬᠡᠷᠡᠭᠯᠡᠬᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠳᠤᠯᠠᠭᠠᠯᠠᠭ᠎ᠠ ᠬᠡᠷᠡᠭᠯᠡᠬᠦ᠂ ᠲᠣᠣᠷ ᠰᠦᠯᠵᠢᠶ᠎ᠡ ᠬᠡᠷᠡᠭᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠬᠢᠨᠠᠮᠠᠭᠠᠶ ᠰᠤᠳᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠠᠮᠤᠭ ᠤᠨ ᠶᠡᠭᠡ ᠬᠡᠮᠵᠢᠶ᠎ᠡ ᠪᠠᠷ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ ᠰᠤᠷᠲᠠᠯ ᠤᠨ ᠪᠠᠶᠢᠭᠤᠯᠤᠯᠲᠠ ᠪᠣᠯᠤᠨ ᠲᠤᠰᠬᠠᠢ ᠮᠡᠷᠭᠡᠵᠢᠯ ᠤᠨ ᠬᠡᠪ ᠴᠢᠨᠠᠷ ᠤᠨ ᠬᠥᠮᠦᠵᠢᠯ ᠢ ᠲᠤᠪᠤᠶᠢᠯᠭᠠᠵᠦ᠂ ᠠᠵᠢᠯᠯᠠᠵᠤ ᠪᠠᠶᠢᠭ᠎ᠠ ᠬᠥᠮᠦᠰ ᠤᠨ ᠪᠣᠯᠪᠠᠰᠤᠷᠠᠯ ᠬᠠᠮᠢᠶᠠᠷᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠤᠯᠠᠨ ᠲᠦᠮᠡᠨ ᠪᠣᠯᠤᠨ ᠠᠵᠤ ᠠᠬᠤᠶᠢᠯᠠᠯ ᠳᠤ ᠦᠨᠡᠨᠬᠦ ᠳᠣᠲᠣᠨᠣ ᠦᠢᠯᠡᠴᠢᠯᠡᠭᠡ ᠬᠦᠷᠲᠡᠭᠡᠬᠦ ᠬᠡᠷᠡᠭᠲᠡᠢ᠃ ᠨᠢᠭᠡ ᠠᠴᠠ ᠭᠤᠷᠪᠠ ᠶᠢ ᠮᠡᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠢᠮᠪᠠᠶ ᠨᠠᠶᠢᠳᠠᠪᠣᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ︽ᠪᠢᠲᠡᠭᠦᠤ ᠴᠠᠭᠠᠷᠢᠭ ᠤᠨ ᠠᠵᠢᠯ ᠤᠨ ᠠᠷᠭ᠎ᠠ︾ ᠶᠢ ᠪᠦᠬᠦ ᠲᠠᠯ ᠎ᠠ ᠪᠠᠷ ᠨᠠᠶᠢᠳᠠᠪᠣᠷᠢᠵᠢᠭᠤᠯᠤᠨ᠂ ︽ᠭᠠᠷ ᠳᠠᠮᠵᠢᠪᠠᠯ ᠬᠠᠷᠢᠭᠤᠴᠠᠯᠭ᠎ᠠ ᠮᠥᠨ︾ ᠭᠡᠬᠦ ᠡᠭᠦᠷᠭᠡᠯᠡᠯ ᠢᠶᠠᠷ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠢᠯᠠᠯᠲᠠ ᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠪᠡ᠃      ᠰᠢᠶᠠᠨ ᠤ ᠤᠳᠤᠷᠢᠳᠤᠯᠭ᠎ᠠ ᠯᠢᠦ ᠫᠧᠩ ᠹᠸᠢ᠂ ᠵᠠᠩ ᠯᠢᠨ ᠯᠢᠨ᠂ ᠸᠠᠩ ᠯᠠᠶ ᠵᠣ᠋᠂ ᠵᠠᠩ ᠵᠢᠶᠠᠨ ᠴᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号