ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/10/20
          ᠸᠠᠩ ᠯᠢ ᠰᠢᠶᠠ ᠵᠧᠩ ᠬᠤᠩ ᠹᠠᠨ ᠫᠠᠶᠢᠰᠠ ᠰᠡᠬᠦᠵᠦ  ᠵᠠᠩ ᠪᠠᠢ ᠴᠧᠩ ᠪᠠᠶᠠᠷ ᠤᠨ ᠦᠭᠡ ᠬᠡᠯᠡᠪᠡ       10 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ  ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ  ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠤᠷᠠᠯ ᠳᠤ ᠣᠷᠣᠯᠴᠠᠭᠰᠠᠨ ᠪᠥᠭᠡᠳ ᠬᠠᠮᠳᠤᠪᠡᠷ ᠡᠮᠨᠡᠯᠭᠡ ᠶᠢᠨ ᠬᠤᠷᠢᠶᠠᠨ ᠤ ᠫᠠᠶᠢᠰᠠ ᠶᠢ ᠰᠡᠬᠦᠪᠡ᠃       ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ  ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠫᠠᠶᠢᠰᠠ ᠰᠡᠬᠦᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠡᠶ᠃ ᠲᠡᠷᠡ ᠬᠡᠯᠡᠬᠦ ᠳᠡᠭᠡᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠪᠠ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠥᠪᠡᠷ ᠥᠪᠡᠷ ᠤᠨ ᠣᠨᠴᠠᠯᠢᠭ ᠲᠠᠭᠠᠨ ᠰᠠᠭᠤᠷᠢᠯᠠᠨ᠂ ᠥᠪᠡᠷ ᠦᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠬᠠᠮᠲᠤᠪᠠᠷ ᠪᠠᠶᠢᠭᠤᠯᠤᠯ᠎ᠠ᠂ ᠡᠨᠡ ᠪᠣᠯ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠡᠬᠢᠯᠡᠯᠲᠡ ᠮᠥᠨ᠂ ᠪᠠᠰᠠ ᠴᠤ ᠨᠢᠭᠡ ᠤᠳᠠᠭᠠᠨ ᠤ ᠡᠮᠨᠡᠯᠭᠡ᠂ ᠰᠤᠷᠭᠠᠨ ᠬᠥᠮᠦᠵᠢᠯ᠂ ᠰᠤᠳᠤᠯᠭᠠᠨ ᠤ ᠭᠦᠨ ᠠᠭᠤᠰᠤᠯᠴᠠᠯ ᠤᠨ ᠢᠳᠡᠪᠬᠢᠲᠡᠢ ᠰᠦᠪᠡᠭᠴᠢᠯᠡᠯᠲᠡ ᠮᠥᠨ᠃ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠯᠠᠮᠵᠢᠯᠠᠯ᠂ ᠬᠦᠴᠦᠲᠡᠶ ᠳᠡᠮᠵᠢᠯᠭᠡ ᠳᠣᠣᠷ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠬᠤᠶᠠᠷ ᠲᠠᠯ᠎ᠠ ᠶᠢᠨ ᠴᠢᠩ ᠦᠨᠡᠨᠴᠢ ᠬᠠᠮᠲᠤᠷᠠᠯᠴᠠᠭ᠎ᠠ ᠳᠣᠤᠷ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠬᠢᠲᠠᠳ ᠡᠮ ᠡᠮᠨᠡᠯᠭᠡ ᠂ ᠮᠣᠩᠭᠤᠯ ᠡᠮ ᠡᠮᠨᠡᠯᠭᠡ ᠶᠢᠨ ᠰᠣᠶᠣᠯ ᠢ ᠵᠠᠯᠭᠠᠮᠵᠢᠯᠠᠨ ᠪᠠᠳᠠᠷᠠᠭᠤᠯᠬᠤ  ᠴᠢᠬᠤᠯᠠ ᠠᠴᠢᠶᠠᠯᠠᠭᠴᠢ ᠪᠣᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠩ ᠴᠢᠨᠠᠷ ᠰᠠᠶᠢᠲᠠᠶ᠂ ᠨᠠᠩ ᠳᠥᠭᠦᠮ ᠳᠥᠲᠡ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠨᠢ ᠯᠠᠪᠲᠠᠶ ᠶᠤᠮ᠂ ︽ᠡᠷᠡᠭᠦᠯ ᠡᠩᠬᠡ ᠬᠥᠬᠡᠬᠤᠲᠠ︾ ︽ᠡᠷᠡᠭᠦᠯ ᠡᠩᠬᠡ ᠥᠪᠥᠷ ᠮᠣᠩᠭᠤᠯ︾ ᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠨᠢ ᠯᠠᠪᠲᠠᠶ ᠶᠤᠮ ᠭᠡᠵᠡᠢ  ᠃         ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠤᠯᠠᠭᠠᠨ ᠢᠯᠡᠷᠭᠡᠶᠢᠯᠡᠬᠦ ᠳᠡᠭᠡᠨ᠂ ᠲᠣᠰ ᠤᠳᠠᠭ᠎ᠠ ᠬᠥᠬᠡᠬᠤᠲᠠ ᠶᠢᠨ ᠵᠠᠰᠠᠭ ᠤᠨ ᠣᠷᠳᠣᠨ ᠲᠠᠢ ᠬᠠᠮᠲᠤᠷᠠᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠬᠠᠮᠲᠤ ᠪᠠᠷ ᠪᠠᠶᠢᠭᠤᠯᠤᠭᠰᠠᠨ ᠨᠢ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠢᠨᠵᠢᠯᠡᠭᠡᠨ ᠤ ᠰᠠᠯᠠᠭᠠᠨ ᠤ  ᠪᠠᠶᠢᠭᠤᠯᠤᠯᠲᠠ ᠶᠢ  ᠴᠢᠩᠭᠠᠳᠬᠠᠬᠤ᠂ ᠰᠤᠷᠭᠠᠭᠤᠯᠢ ᠶᠢᠨ ᠳ᠋ᠣᠺᠲ᠋ᠣᠷ ᠴᠣᠯᠠ ᠣᠯᠭᠤᠬᠤ ᠨᠢᠭᠡᠴᠡ ᠶᠢᠨ ᠪᠠᠶᠢᠭᠤᠯᠤᠯᠲᠠ ᠶᠢ ᠠᠬᠢᠭᠤᠯᠬᠤ ᠲᠤᠯᠭᠠᠮ᠎ᠠ ᠬᠡᠷᠡᠭᠴᠡᠭᠡ ᠱᠠᠭᠠᠷᠳᠠᠯᠭ᠎ᠠ ᠮᠥᠨ᠂  ᠮᠦᠨ ᠴᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠳᠡᠭᠡᠳᠦ ᠲᠠᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯᠵᠢᠯ ᠤᠨ ᠬᠡᠷᠡᠭᠴᠡᠭᠡ ᠶᠢ ᠬᠠᠩᠭᠠᠬᠤ ᠲᠤᠯᠭᠠᠮ᠎ᠠ ᠱᠠᠭᠠᠷᠳᠠᠯᠭ᠎ᠠ ᠮᠥᠨ᠃ ᠰᠤᠷᠭᠠᠭᠤᠯᠢ ᠶᠢᠨ ᠪᠦᠷᠢᠨ ᠲᠡᠭᠦᠯᠳᠡᠷ ᠪᠠᠭᠰᠢ ᠶᠢᠨ ᠡᠩᠨᠡᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠷᠬᠡᠭ ᠪᠣᠳᠠᠲᠤ ᠬᠦᠴᠦᠨ᠂ ᠯᠠᠪᠳᠠᠭᠤᠨ ᠪᠠᠲᠤᠲᠠᠶ ᠰᠢᠨᠵᠢᠯᠡᠭᠡᠨ ᠤ ᠰᠢᠰᠲ᠋ᠧᠮ ᠵᠢᠴᠢ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠᠶᠢᠬᠤ ᠣᠴᠢᠷ ᠠᠴᠠ ᠥᠨᠳᠥᠷ  ᠬᠢᠷᠢ ᠲᠦᠪᠰᠢᠨ ᠪᠦᠬᠦᠢ ᠴᠢᠨᠠᠷ ᠰᠠᠶᠢᠲᠠᠶ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠬᠠᠮᠲᠤ ᠪᠠᠷ ᠪᠠᠶᠢᠭᠤᠯᠵᠤ᠂ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠠᠯᠬᠤᠴᠠ ᠶᠢ ᠲᠦᠷᠭᠡᠳᠬᠡᠬᠦ ᠨᠢ ᠯᠠᠪᠲᠠᠶ ᠶᠤᠮ ᠭᠡᠵᠡᠢ᠃        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠱᠢ ᠮᠦᠸᠧ  ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠲᠡᠭᠡᠳᠦ ᠰᠤᠷᠭᠠᠭᠤᠯᠢ ᠶᠢᠨ  ᠠᠵᠢᠯᠯᠠᠬᠤ ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠾᠧᠦ ᠶᠤᠸᠠᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ᠂ ᠨᠢᠭᠡᠳᠦᠭᠡᠷ ᠲᠡᠰ ᠤᠨ ᠲᠣᠭᠤᠷᠢᠨ ᠪᠠᠶᠢᠴᠠᠭᠠᠭᠴᠢ ᠹᠦ᠋ ᠷᠦᠢ ᠹᠧᠩ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠵᠠᠬᠢᠷᠤᠯ ᠵᠣᠣ ᠶᠦᠨ ᠱᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠠᠷᠢᠨ ᠪᠢᠴᠢᠭ ᠤᠨ ᠳᠠᠷᠤᠭ᠎ᠠ ᠡᠤ ᠸᠧᠨ ᠮᠢᠩ ᠫᠠᠶᠢᠰᠠ ᠰᠡᠬᠦᠬᠦ  ᠶᠣᠰᠤᠯᠠᠯ ᠳᠤ ᠣᠷᠣᠯᠴᠠᠪᠠ᠃       ᠬᠤᠲᠠ ᠶᠢᠨ ᠳᠡᠳ᠋ ᠳᠠᠷᠤᠭ᠎ᠠ ᠰᠢᠤᠢ ᠷᠦᠢ ᠰᠢᠶᠠ ᠫᠠᠶᠢᠰᠠ ᠰᠡᠬᠦᠬᠦ ᠶᠣᠰᠣᠯᠠᠯ ᠢ ᠡᠷᠭᠢᠯᠡᠪᠡ᠃ᠰᠤᠷᠪᠤᠯᠵᠢᠯᠠᠭᠴᠢ ᠶᠦᠨ ᠶᠠᠨ ᠹᠠᠩ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号