ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠤᠯᠠᠮᠵᠢᠯᠠᠨ ᠰᠤᠷᠤᠯᠴᠠᠵᠤ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠣᠳᠤᠯᠪᠠ
ᠨᠡᠶᠢᠲᠡᠯᠡᠭᠰᠡᠨ ᠴᠠᠭ᠄
2020/10/20
       ᠸᠠᠩ ᠯᠢ ᠰᠢᠶᠠ ᠬᠤᠷᠠᠯ ᠢ ᠡᠷᠭᠢᠯᠡᠵᠦ ᠵᠠᠩ ᠪᠠᠢ ᠴᠧᠩ ᠶᠦᠨ ᠵᠢᠶᠠᠨ ᠳ᠋ᠦᠩ ᠰᠦᠨ ᠵᠢᠶᠠᠨ ᠬᠤᠸᠠ ᠯᠦᠸᠧ ᠴᠢᠩ ᠾᠧ ᠬᠠᠶ ᠳ᠋ᠦᠩ ᠣᠷᠣᠯᠴᠠᠪᠠ      10 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠳᠦ᠋ᠩ ᠳᠤ ᠰᠢᠨᠵᠢᠯᠡᠨ  ᠪᠠᠶᠢᠴᠠᠭᠠᠬᠤ ᠦᠶ᠎ᠡ ᠶᠢᠨ ᠪᠠ ᠱᠧᠨᠵᠧᠨ ᠤ ᠠᠵᠤ ᠠᠬᠤᠶ ᠶᠢᠨ ᠣᠨᠴᠠᠭᠠᠶ ᠣᠷᠣᠨ ᠪᠠᠶᠢᠭᠤᠯᠤᠭᠳᠠᠭᠰᠠᠨ 40 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂  ᠲᠤᠯᠤᠭᠠᠳᠡᠬᠢ ᠤᠯᠤᠰ ᠤᠨ ᠶᠠᠳᠠᠭᠤ ᠶᠢ ᠲᠡᠳᠬᠦᠬᠦ ᠡᠳᠦᠷ ᠤᠨ ᠲᠠᠰᠢᠷᠠᠮ ᠳᠤ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠠᠵᠢᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ  ᠪᠠᠶᠢᠷᠢᠯᠠᠭᠤᠯᠪᠠ︔ ᠮᠠᠨ ᠤ ᠬᠤᠲᠠ ᠶᠢᠨ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ  ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠥᠷᠪᠡᠳᠦᠭᠡᠷ ᠤᠯᠠᠷᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠤᠷᠠᠯ ᠢ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ ᠱᠧᠨᠵᠧᠨ ᠤ ᠠᠵᠤ ᠠᠬᠤᠢ ᠶᠢᠨ ᠣᠨᠴᠠᠭᠠᠢ ᠣᠷᠣᠨ ᠪᠠᠶᠢᠭᠤᠯᠤᠭᠳᠠᠭᠰᠠᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠳᠤ ᠳᠠᠬᠢᠨ ᠮᠣᠷᠳᠠᠬᠤ ᠳᠠᠶᠢᠴᠢᠯᠠᠯᠲᠠ ᠶᠢᠨ ᠵᠠᠷᠯᠢᠭ ᠪᠠᠭᠤᠯᠭᠠᠪᠠ᠃ ᠡᠯ᠎ᠡ ᠱᠠᠲᠤ ᠡᠯ᠎ᠡ ᠰᠠᠯᠠᠭ᠎ᠠ ᠮᠦᠴᠢᠷ ᠵᠠᠪᠠᠯ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ  ᠵᠠᠮᠨᠠᠬᠤ  ᠶᠢᠨ ᠲᠤᠭᠤᠷᠢᠨ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠱᠧᠨᠵᠧᠨ ᠲᠠᠢ ᠬᠠᠷᠢᠴᠠᠭᠤᠯᠵᠤ᠂ ᠮᠠᠨ ᠤ ᠬᠤᠲᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ  ᠲᠡᠭᠦᠯᠳᠡᠷᠵᠢᠬᠦᠯᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠲᠤᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠶᠢᠨ ᠲᠤᠭᠤᠷᠢᠨ ᠳᠤ  ᠠᠵᠤ ᠦᠢᠯᠡᠰ ᠤᠨ ᠬᠡᠯᠬᠢᠶ᠎ᠡ ᠶᠢ ᠪᠠᠶᠢᠷᠢᠯᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠣᠭᠤᠷᠢᠨ ᠳᠤ ᠥᠭᠡᠷᠡᠴᠢᠯᠡᠯᠲᠡ ᠶᠢᠨ ᠠᠷᠭ᠎ᠠ ᠪᠠᠷ ᠣᠯᠠᠨ ᠲᠦᠮᠡᠨ ᠤ ᠰᠠᠨᠠᠭᠠᠰᠢᠷᠠᠵᠤ ᠬᠦᠴᠢᠷᠳᠡᠵᠦ ᠭᠠᠴᠢᠭᠳᠠᠵᠤ ᠬᠦᠰᠡᠵᠦ ᠪᠠᠶᠢᠭ᠎ᠠ ᠠᠰᠠᠭᠤᠳᠠᠯ ᠢ  ᠰᠢᠢᠳᠪᠦᠷᠢᠯᠡᠬᠦ ᠬᠡᠷᠡᠭᠳᠡᠢ᠃ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠰᠡᠳᠬᠢᠬᠦᠢ ᠪᠠᠷ ᠬᠤᠳᠠ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ  ᠪᠠᠳᠤᠯᠠᠬᠤ︾᠂ ︽ᠠᠷᠪᠠᠨ ᠵᠦᠢᠯ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠵᠡᠷᠭᠡ ᠳᠤ ᠠᠩᠬᠠᠷᠤᠯ ᠢᠶᠠᠨ ᠲᠦᠪᠯᠡᠷᠡᠭᠦᠯᠦᠨ ᠠᠰᠠᠭᠤᠳᠠᠯ  ᠢ ᠨᠠᠷᠢᠨ ᠬᠢᠨᠠᠮᠠᠭᠠᠢ ᠪᠠᠶᠢᠴᠠᠭᠠᠵᠤ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠦᠨᠳᠦᠰᠦᠨ ᠲᠤᠷᠰᠢᠯᠭ᠎ᠠ ᠶᠢ ᠬᠢᠨᠠᠮᠠᠭᠠᠶ ᠳ᠋ᠦᠩᠨᠡᠬᠦ ᠬᠡᠷᠡᠭᠲᠡᠢ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ  ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠠᠬᠢᠭᠤᠯᠬᠤ ᠶᠢ ᠦᠨᠡᠨᠬᠦ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠲᠦᠮᠡᠨ ᠢ ᠴᠡᠪᠡᠷ ᠴᠡᠮᠴᠡᠭᠡᠷ ᠢᠶᠠᠷ ᠴᠢᠨᠡᠭᠡᠯᠢᠭ ᠨᠡᠶᠢᠭᠡᠮ ᠲᠡᠰᠢ ᠤᠷᠤᠭᠰᠢᠯᠠᠭᠤᠯᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠤᠬᠠᠮᠰᠠᠷ ᠂ ᠰᠠᠨᠠᠭᠠᠰᠢᠷᠠᠬᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠳᠬᠤᠵᠤ᠂ ᠨᠦᠭᠦᠭᠡ ᠲᠠᠯ᠎ᠠ ᠪᠠᠷ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠠᠳᠬᠤᠵᠤ᠂ ᠪᠦᠬᠦ ᠵᠢᠯ ᠤᠨ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠬᠦ ᠶᠢ ᠪᠠᠳᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠠᠷᠭ᠎ᠠ ᠤᠬᠠᠭᠠᠨ ᠰᠦᠪᠡᠭᠴᠢᠯᠡᠬᠦ ᠶᠢ ᠠᠳᠬᠤᠵᠤ᠂ ᠵᠠᠰᠠᠭ ᠤᠨ ᠣᠷᠳᠣᠨ᠂ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠬᠦ ᠬᠡᠷᠡᠭᠲᠡᠢ᠃ ᠲᠥᠷᠥᠯ ᠵᠦᠢᠯ ᠢ ᠠᠳᠬᠤᠬᠤ ᠤᠬᠠᠮᠰᠠᠷ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ   ᠨᠢ ᠰᠢᠢᠳᠪᠦᠷᠢᠯᠡᠬᠦ ᠤᠬᠠᠮᠰᠠᠷ ᠪᠣᠯᠤᠨ ᠲᠥᠷᠥᠯ  ᠵᠦᠢᠯ ᠢ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠲᠠᠢ ᠪᠠᠶᠢᠵᠤ᠂  ᠠᠵᠤ ᠠᠬᠤᠶᠢᠯᠠᠯ ᠤᠨ ᠬᠥᠭᠵᠢᠯᠲᠡ᠂ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠭᠤᠮᠢ ᠠᠰᠠᠭᠤᠳᠠᠯ ᠢ ᠰᠠᠶᠢᠲᠤᠷ  ᠰᠢᠢᠳᠪᠦᠷᠢᠯᠡᠬᠦ ᠬᠡᠷᠡᠭᠲᠡᠶ᠃ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ ᠬᠥᠭᠵᠢᠯᠲᠡ ᠶᠢ ᠠᠳᠬᠤᠵᠤ᠂ ᠤᠯᠤᠰ ᠤᠨ ᠳᠣᠲᠣᠭᠠᠳᠤ᠂ ᠳᠡᠯᠡᠬᠡᠶ ᠶᠢᠨ ᠬᠤᠤᠰ ᠣᠷᠴᠢᠯ ᠢᠯᠠᠩᠭᠤᠶ᠎ᠠ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠨᠢᠭᠲᠠ ᠠᠭᠤᠰᠤᠯᠴᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠡᠷᠡᠰ ᠴᠢᠩᠭ᠎ᠠ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠯᠦᠸᠧ ᠴᠢᠩ᠂ ᠾᠧ ᠬᠠᠶ ᠳ᠋ᠦᠩ ᠵᠢᠴᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠤᠨ ᠭᠤᠤᠯ ᠲᠠᠯᠠᠪᠠᠶ ᠳᠤ ᠬᠤᠷᠠᠯ ᠳᠤ  ᠣᠷᠤᠯᠴᠠᠵᠤ᠂  ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠬᠠᠷᠢᠶ᠎ᠠ  ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠭᠤᠤᠯ  ᠬᠠᠷᠢᠭᠤᠴᠠᠯᠭᠠᠳᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃                                 ᠰᠤᠷᠪᠤᠯᠵᠢᠯᠠᠭᠴᠢ ᠹᠧᠩ ᠶᠠᠨ ᠫᠢᠩ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号