︽ᠬᠦᠬᠡᠬᠤᠲᠠ ᠶᠢᠨ ᠨᠤᠬᠠᠢ ᠲᠡᠵᠢᠭᠡᠬᠦ ᠬᠠᠮᠢᠶᠠᠷᠤᠯᠲᠠ ᠶᠢᠨ ᠲᠤᠭᠲᠠᠭᠠᠯ︾ ᠤᠨ ᠨᠠᠷᠢᠨ ᠲᠠᠶᠢᠯᠤᠮᠵᠢ
ᠨᠡᠶᠢᠲᠡᠯᠡᠭᠰᠡᠨ ᠴᠠᠭ᠄
2020/10/20
     ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠠᠴᠠ ᠪᠠᠲᠤᠯᠠᠭᠰᠠᠨ ︽︿ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠤᠭᠲᠠᠭᠠᠯ﹀ ᠳᠤ ᠵᠠᠰᠠᠪᠤᠷᠢ ᠣᠷᠣᠭᠤᠯᠬᠤ ᠲᠤᠬᠠᠶ ᠬᠥᠬᠡᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ︾  ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠢᠶᠠᠷ ᠵᠥᠪᠰᠢᠶᠡᠷᠡᠭᠦᠯᠵᠦ᠂ 2020 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃ 7 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠡᠷᠭᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠳᠤ ᠵᠢᠷᠭᠤᠭᠠᠨ ᠲᠠᠯ᠎ᠠ ᠪᠠᠷ ᠨᠠᠷᠢᠨ ᠲᠠᠶᠢᠯᠤᠮᠵᠢ ᠬᠢᠪᠠ᠃     ᠨᠢᠭᠡ᠂ ᠨᠣᠬᠠᠶ ᠲᠡᠵᠢᠭᠡᠬᠦ ᠬᠠᠮᠢᠶᠠᠷᠤᠯᠲᠠ ᠶᠢᠨ ᠵᠠᠷᠤᠳᠠᠯ ᠢ ᠪᠠᠲᠤᠯᠠᠬᠤ ᠲᠣᠭᠲᠠᠴᠠ ᠶᠢ ᠨᠡᠮᠡᠪᠡ     ᠵᠠᠷᠤᠳᠠᠯ ᠤᠨ ᠠᠰᠠᠭᠤᠳᠠᠯ ᠪᠣᠯ ᠨᠣᠬᠠᠶ ᠲᠡᠵᠢᠭᠡᠬᠦ ᠬᠠᠮᠢᠶᠠᠷᠤᠯᠲᠠ ᠶᠢ ᠴᠢᠩᠭᠠᠳᠬᠠᠵᠤ᠂ ᠨᠣᠬᠠᠶ ᠶᠢᠨ ᠲᠥᠷᠥᠯ ᠤᠨ ᠮᠡᠳᠡᠭᠡ ᠵᠠᠩᠬᠢᠴᠢᠯᠠᠯᠲᠠ ᠶᠢᠨ ᠦᠢᠯᠡᠴᠢᠯᠡᠭᠡ ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠨ᠎ᠠ᠃ ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠤᠨ ᠲᠠᠪᠤᠳᠤᠭᠠᠷ ᠵᠦᠢᠯ ᠳᠤ ᠵᠠᠷᠤᠳᠠᠯ ᠢ ᠪᠠᠲᠤᠯᠠᠬᠤ ᠵᠦᠢᠯ ᠵᠤᠷᠪᠤᠰ ᠢ ᠨᠡᠮᠡᠵᠦ᠂ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠨᠣᠬᠠᠶ ᠲᠡᠵᠢᠭᠡᠬᠦ ᠬᠠᠮᠢᠶᠠᠷᠤᠯᠲᠠ ᠶᠢᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ  ᠤᠨ ᠲᠥᠰᠥᠪ ᠲᠤ ᠣᠷᠣᠭᠤᠯᠬᠤ ᠬᠡᠷᠡᠭᠲᠡᠶ ᠭᠡᠵᠦ ᠲᠣᠭᠲᠠᠭᠠᠪᠠ᠃     ᠬᠤᠶᠠᠷ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠬᠦᠯᠪᠡ     ᠨᠣᠬᠠᠶ ᠲᠡᠵᠢᠭᠡᠬᠦ ᠬᠠᠮᠢᠶᠠᠷᠤᠯᠲᠠ ᠨᠢ ᠨᠢᠭᠡᠨ ᠶᠡᠷᠦᠩᠬᠡᠶᠢᠯᠡᠭᠰᠡᠨ ᠴᠢᠨᠠᠷᠲᠠᠶ ᠬᠠᠮᠢᠶᠠᠷᠤᠯᠲᠠ ᠶᠢᠨ ᠠᠵᠢᠯ  ᠪᠣᠯᠬᠤᠷ᠂ ᠬᠠᠤᠯᠢ ᠬᠡᠷᠡᠭᠵᠢᠭᠦᠯᠬᠦ ᠳᠤ ᠨᠡᠯᠢᠶᠡᠳ ᠬᠦᠴᠢᠷᠲᠡᠶ ᠪᠠᠶᠢᠳᠠᠭ᠃ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠨᠣᠬᠠᠶ ᠲᠡᠵᠢᠭᠡᠬᠦ ᠬᠠᠮᠢᠶᠠᠷᠤᠯᠲᠠ ᠶᠢ ᠦᠨᠡᠨᠬᠦ ᠪᠦᠲᠦᠮᠵᠢᠲᠡᠶ ᠴᠢᠩᠭᠠᠳᠬᠠᠬᠤ ᠶᠢᠨ ᠲᠦᠯᠦᠭᠡ ᠭᠤᠷᠪᠠᠨ ᠲᠠᠯ᠎ᠠ ᠶᠢᠨ ᠲᠣᠭᠲᠠᠭᠠᠯ ᠭᠠᠷᠭᠠᠪᠠ᠄ ᠨᠢᠭᠡ ᠳᠤ ᠲᠠᠪᠤᠳᠤᠭᠠᠷ ᠵᠦᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠣᠬᠠᠶ ᠲᠡᠵᠢᠭᠡᠬᠦ ᠬᠠᠮᠢᠶᠠᠷᠤᠯᠲᠠ  ᠶᠢᠨ ᠵᠣᠬᠢᠴᠠᠭᠤᠯᠬᠤ᠂ ᠬᠠᠮᠳᠤᠷᠠᠨ ᠠᠵᠢᠯᠯᠠᠬᠤ  ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠲᠣᠭᠲᠠᠭᠠᠪᠠ︔ ᠬᠤᠶᠠᠷ ᠲᠤ ᠵᠢᠷᠭᠤᠳᠤᠭᠠᠷ ᠵᠦᠢᠯ  ᠠᠴᠠ ᠨᠠᠢᠮᠠᠳᠤᠭᠠᠷ  ᠵᠦᠢᠯ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂  ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠪᠠ︔ ᠭᠤᠷᠪᠠ ᠳᠤ ᠶᠢᠰᠦᠳᠦᠭᠡᠷ ᠵᠦᠢᠯ ᠠᠴᠠ ᠠᠷᠪᠠᠨ ᠨᠢᠭᠡᠳᠦᠭᠡᠷ  ᠵᠦᠢᠯ  ᠳᠤ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠳᠠᠯ ᠠᠬᠤᠶ ᠶᠢᠨ  ᠦᠢᠯᠡᠴᠢᠯᠡᠭᠡᠨ ᠤ ᠠᠵᠤ ᠠᠬᠤᠶᠢᠯᠠᠯ ᠤᠨ ᠨᠣᠬᠠᠶ ᠶᠢ ᠬᠠᠮᠢᠶᠠᠷᠬᠤ ᠳᠤᠮᠳᠠᠬᠢ ᠪᠣᠳᠠᠲᠠᠶ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠵᠣᠬᠢᠴᠠᠭᠤᠯᠬᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠬᠢᠯᠡᠨ ᠬᠠᠮᠢᠶᠠᠷᠬᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠲᠤᠰᠢᠶᠠᠯ ᠢᠶᠠᠨ  ᠬᠦᠢᠴᠡᠳᠭᠡᠬᠦ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ᠃     ᠭᠤᠷᠪᠠ᠂ ᠨᠣᠬᠠᠶ ᠲᠡᠵᠢᠭᠡᠬᠦ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠵᠢᠴᠢ ᠬᠠᠶᠢᠷ᠎ᠠ ᠬᠠᠯᠠᠮᠵᠢ ᠶᠢᠨ  ᠬᠦᠮᠦᠰ ᠤᠨ ᠪᠣᠯᠪᠠᠰᠤᠨ ᠢᠶᠠᠷ ᠨᠣᠬᠠᠶ ᠲᠡᠵᠢᠭᠡᠬᠦ  ᠶᠢ  ᠬᠦᠳᠦᠯᠦᠨ ᠲᠠᠭᠠᠭᠤᠯᠬᠤ ᠦᠢᠯᠡᠳᠦᠯ ᠢ ᠴᠢᠩᠭᠠᠳᠬᠠᠬᠤ ᠲᠤᠬᠠᠶ     ᠣᠶᠢᠷ᠎ᠠ ᠶᠢᠨ ᠵᠢᠯ ᠳᠤ᠂ ᠨᠠᠩ ᠣᠯᠠᠨ ᠨᠡᠶᠢᠭᠡᠮ ᠤᠨ ᠬᠠᠶᠢᠷ᠎ᠠ ᠬᠠᠯᠠᠮᠵᠢ ᠶᠢᠨ ᠬᠥᠮᠦᠰ ᠥᠪᠡᠰᠦᠪᠡᠨ ᠨᠣᠬᠠᠶ ᠲᠡᠵᠢᠭᠡᠬᠦ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠰᠠᠶᠢᠨ ᠳᠤᠷ᠎ᠠ ᠠᠴᠠ ᠪᠠᠨ ᠪᠠᠯᠠ ᠮᠥᠩᠭᠦ ᠭᠠᠷᠭᠠᠵᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠳᠡᠮᠵᠢᠵᠦ ᠬᠠᠶᠢᠷ᠎ᠠ ᠪᠠᠨ ᠬᠠᠨᠳᠢᠪᠯᠠᠵᠤ ᠪᠠᠶᠢᠨ᠎ᠠ᠃ ᠨᠡᠶᠢᠭᠡᠮ ᠤᠨ ᠪᠦᠯᠬᠦᠮ ᠤᠨ  ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠵᠠᠰᠠᠭ ᠵᠠᠬᠢᠷᠭᠠᠨ ᠤ ᠡᠬᠢ   ᠪᠠᠶᠠᠯᠢᠭ ᠢ  ᠠᠷᠪᠢᠯᠠᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠶᠢ ᠠᠬᠢᠭᠤᠯᠬᠤ  ᠶᠢᠨ ᠲᠦᠯᠦᠭᠡ᠂ ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠳᠤ ᠨᠠᠷᠢᠯᠢᠬᠵᠢᠭᠤᠯᠤᠭᠰᠠᠨ ᠲᠣᠭᠲᠠᠭᠠᠯ ᠭᠠᠷᠭᠠᠪᠠ᠃ ᠨᠢᠭᠡ ᠳᠤ ᠠᠷᠪᠠᠨ ᠭᠤᠷᠪᠠᠳᠤᠭᠠᠷ ᠵᠦᠢᠯ ᠢ ᠰᠢᠨ᠎ᠡ ᠪᠠᠷ ᠨᠡᠮᠡᠵᠦ᠂ ᠨᠣᠬᠠᠶ ᠶᠢ ᠬᠠᠶᠢᠷᠠᠯᠠᠬᠤ ᠨᠡᠶᠢᠭᠡᠮᠯᠢᠭ᠂ ᠠᠮᠢᠲᠠᠨ ᠤ ᠬᠠᠮᠠᠭᠠᠯᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠨᠣᠬᠠᠶ ᠶᠢ ᠦᠯᠡᠳᠡᠭᠡᠵᠦ ᠠᠪᠬᠤ᠂ ᠲᠡᠵᠢᠭᠡᠬᠦ ᠠᠵᠢᠯ ᠳᠤ ᠣᠷᠣᠯᠴᠠᠵᠤ᠂ ᠬᠤᠳᠠᠯᠳᠤᠨ ᠠᠪᠬᠤ ᠪᠤᠶᠤ ᠭᠠᠵᠠᠷ ᠲᠠᠯᠠᠪᠤᠷ ᠢ ᠲᠦᠷᠢᠶᠡᠰᠦᠯᠡᠬᠦ ᠵᠡᠷᠭᠡ ᠪᠠᠷ ᠳᠠᠮᠵᠢᠭᠤᠯᠤᠨ ᠲᠡᠨᠦᠭᠦᠯ ᠨᠣᠬᠠᠶ᠂ ᠭᠤᠯᠤᠭᠳᠠᠭᠰᠠᠨ ᠨᠤᠬᠠᠢ ᠶᠢ ᠦᠯᠡᠳᠡᠭᠡᠵᠦ ᠠᠪᠬᠤ᠂ ᠲᠡᠵᠢᠭᠡᠬᠦ ᠵᠡᠷᠭᠡ ᠶᠢ ᠨᠢ ᠵᠤᠷᠢᠭᠵᠢᠭᠤᠯᠤᠨ᠎ᠠ︔ ᠬᠤᠶᠠᠷ ᠲᠤ ᠨᠡᠶᠢᠭᠡᠮ ᠤᠨ ᠪᠦᠯᠬᠦᠮ᠂ ᠬᠠᠶᠢᠷ᠎ᠠ ᠬᠠᠯᠠᠮᠵᠢ ᠶᠢᠨ ᠬᠦᠮᠦᠰ ᠵᠡᠷᠭᠡ  ᠶᠢᠨ ᠬᠥᠲᠥᠯᠥᠨ ᠵᠢᠯᠤᠭᠤᠳᠴᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠪᠣᠯᠪᠠᠰᠤᠨ ᠢᠶᠠᠷ ᠨᠣᠬᠠᠶ ᠲᠡᠵᠢᠭᠡᠬᠦ ᠬᠡᠪ ᠰᠤᠷᠲᠠᠯ ᠢ ᠳᠠᠶᠢᠴᠢᠯᠠᠵᠤ᠂ ᠨᠣᠬᠠᠶ ᠲᠡᠵᠢᠭᠡᠬᠦ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠵᠣᠭᠰᠣᠭᠠᠬᠤ ᠪᠠ ᠬᠤᠷᠢᠭᠯᠠᠬᠤ ᠶᠢ ᠨᠢ ᠵᠤᠷᠢᠭᠵᠢᠭᠤᠯᠤᠨ᠎ᠠ︔ ᠭᠤᠷᠪᠠ ᠳᠤ ᠠᠷᠪᠠᠨ ᠳᠥᠷᠪᠡᠳᠦᠭᠡᠷ  ᠵᠦᠢᠯ ᠳᠤ ᠲᠡᠨᠦᠭᠦᠯ ᠨᠣᠬᠠᠶ᠂ ᠭᠡᠭᠡᠭᠳᠡᠭᠰᠡᠨ ᠨᠣᠬᠠᠶ ᠶᠢ  ᠲᠡᠵᠢᠭᠡᠬᠦ ᠲᠣᠭᠲᠠᠭᠠᠯ ᠢ ᠵᠢᠷᠤᠮᠵᠢᠭᠤᠯᠵᠤ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ᠂ ᠠᠯᠪᠠᠨ ᠵᠠᠷ ᠤᠨ ᠬᠤᠭᠤᠴᠠᠭ᠎ᠠ ᠨᠢ ᠳᠦᠭᠦᠷᠦᠭᠡᠳ ᠲᠠᠨᠢᠵᠤ ᠠᠪᠬᠤ ᠬᠥᠮᠦᠨ ᠦᠭᠡᠢ ᠨᠣᠬᠠᠶ ᠶᠢ ᠪᠤᠰᠤᠳ ᠬᠥᠮᠦᠨ ᠲᠡᠵᠢᠭᠡᠵᠦ ᠪᠣᠯᠤᠨ᠎ᠠ᠃     ᠳᠦᠷᠪᠡ᠂ ᠨᠣᠬᠠᠶ ᠶᠢᠨ ᠲᠦᠷᠦᠯ ᠤᠨ ᠮᠡᠳᠡᠭᠡ  ᠵᠠᠩᠭᠢᠴᠢᠯᠠᠭᠰᠠᠨ ᠬᠠᠮᠢᠶᠠᠷᠤᠯᠲᠠ ᠶᠢ ᠪᠠᠶᠢᠭᠤᠯᠬᠤ ᠲᠤᠬᠠᠶ     ᠬᠠᠮᠢᠶᠠᠷᠤᠯᠲᠠ ᠶᠢᠨ ᠲᠦᠪᠰᠢᠨ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠰ ᠤᠳᠠᠭᠠᠨ ᠤ ᠵᠠᠰᠠᠪᠤᠷᠢ ᠣᠷᠣᠭᠤᠯᠤᠯᠲᠠ ᠳᠤ ᠨᠤᠬᠠᠢ ᠶᠢᠨ ᠮᠡᠳᠡᠭᠡ ᠵᠠᠩᠬᠢᠴᠢᠯᠠᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠪᠡ᠃ ᠠᠷᠪᠠᠨ ᠨᠠᠢᠮᠠᠳᠤᠭᠠᠷ ᠵᠦᠢᠯ ᠳᠤ ᠨᠣᠬᠠᠶ ᠲᠡᠵᠢᠭᠡᠭᠴᠢ ᠨᠣᠬᠠᠶ ᠶᠢᠨ ᠲᠥᠷᠥᠯ ᠤᠨ ᠮᠡᠳᠡᠭᠡ ᠵᠠᠩᠬᠢᠴᠢᠯᠠᠭᠰᠠᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠨᠣᠬᠠᠶ ᠲᠡᠵᠢᠭᠡᠬᠦ ᠳᠠᠩᠰᠠᠯᠠᠯ ᠢ ᠭᠤᠶᠤᠴᠢᠯᠠᠨ ᠬᠢᠯᠬᠡᠵᠦ ᠪᠣᠯᠬᠤ ᠶᠢᠨ ᠬᠠᠮᠲᠤ ᠨᠣᠬᠠᠶ ᠳᠤ ᠪᠠᠨ ᠡᠯᠧᠺᠲᠷᠣᠨ ᠢᠯᠲᠠᠰᠤ ᠲᠠᠷᠢᠵᠤ ᠤᠷᠤᠭᠤᠯᠤᠨ ᠣᠳᠣᠬᠢᠴᠢᠯᠠᠭᠰᠠᠨ ᠮᠡᠳᠡᠭᠡ ᠵᠠᠩᠭᠢ ᠶᠢᠨ ᠠᠷᠭ᠎ᠠ ᠪᠠᠷᠢᠯ ᠢᠶᠠᠷ  ᠨᠣᠬᠠᠢ ᠶᠢᠨ ᠬᠠᠮᠢᠶᠠᠷᠤᠯᠲᠠ ᠶᠢ ᠴᠢᠩᠭᠠᠳᠬᠠᠵᠤ ᠪᠤᠯᠤᠨ᠎ᠠ ᠭᠡᠵᠦ ᠲᠣᠭᠲᠠᠭᠠᠪᠠ᠃     ᠲᠠᠪᠤ᠂ ᠨᠣᠬᠠᠶ ᠳᠤ ᠬᠤᠯᠪᠤᠭᠳᠠᠬᠤ ᠡᠵᠡᠩᠨᠡᠬᠦ ᠠᠵᠢᠯᠯᠠᠭ᠎ᠠ ᠶᠢᠨ ᠲᠤᠬᠠᠶ     ᠨᠣᠬᠠᠶ ᠳᠤ ᠬᠤᠯᠪᠣᠭᠳᠠᠭᠰᠠᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ ᠬᠤᠷᠢᠳᠤᠭᠠᠷ ᠵᠦᠢᠯ  ᠳᠤ᠂ ᠲᠣᠭᠲᠠᠮᠠᠯ ᠲᠠᠯᠠᠪᠤᠷ ᠲᠤ ᠨᠣᠬᠠᠶ ᠲᠡᠵᠢᠭᠡᠨ ᠦᠷᠡᠵᠢᠭᠦᠯᠬᠦ᠂ ᠣᠨᠣᠰᠢᠯᠠᠨ ᠡᠮᠨᠡᠬᠦ᠂ ᠨᠠᠶᠢᠳᠠᠨ ᠲᠡᠵᠢᠭᠡᠯᠭᠡᠬᠦ᠂ ᠭᠤᠶᠤᠯᠠᠵᠤ ᠵᠠᠰᠠᠬᠤ᠂ ᠠᠷᠠᠯᠵᠢᠶᠠᠯᠠᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ᠬᠢᠬᠦ ᠳᠤ᠂ ᠬᠠᠤᠯᠢ ᠶᠤᠰᠤᠭᠠᠷ ᠡᠵᠡᠩᠨᠡᠯᠲᠡ ᠶᠢᠨ ᠦᠨᠡᠮᠯᠡᠯ ᠬᠢᠵᠦ ᠠᠪᠬᠤ ᠬᠡᠷᠡᠭᠲᠡᠶ᠃ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ ᠪᠠᠶᠢᠭᠤᠯᠬᠤ ᠳᠤ ᠬᠠᠤᠯᠢ ᠶᠤᠰᠤᠭᠠᠷ ᠲᠠᠷᠢᠶᠠᠯᠠᠩ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠣᠯᠭᠤᠭᠰᠠᠨ ᠠᠮᠢᠲᠠᠨ ᠢ ᠣᠨᠣᠰᠢᠯᠠᠨ ᠡᠮᠨᠡᠬᠦ ᠵᠥᠪᠰᠢᠶᠡᠷᠡᠯ ᠤᠨ ᠦᠨᠡᠮᠯᠡᠯ ᠠᠪᠴᠤ᠂ ᠬᠠᠤᠯᠢ ᠴᠠᠭᠠᠵᠠ ᠶᠢᠨ ᠠᠯᠪᠠᠳᠠᠯᠭ᠎ᠠ ᠶᠢᠨ ᠬᠦᠴᠦᠨ ᠢᠶᠠᠷ ᠨᠣᠬᠠᠶ ᠡᠵᠡᠩᠨᠡᠬᠦ ᠵᠠᠬ᠎ᠠ ᠳᠡᠯᠭᠡᠭᠦᠷ ᠢ ᠵᠢᠷᠤᠮᠵᠢᠭᠤᠯᠬᠤ ᠬᠡᠷᠡᠭᠲᠡᠶ  ᠭᠡᠵᠦ ᠲᠣᠭᠲᠠᠭᠠᠪᠠ᠃     ᠵᠢᠷᠭᠤᠭ᠎ᠠ᠂ ᠨᠣᠬᠠᠶ ᠲᠡᠵᠢᠭᠡᠭᠴᠢ ᠶᠢᠨ ᠦᠢᠯᠡ ᠠᠵᠢᠯᠯᠠᠭ᠎ᠠ ᠪᠠ ᠬᠠᠤᠯᠢ ᠶᠢᠨ ᠬᠠᠷᠢᠭᠤᠴᠠᠯᠭ᠎ᠠ ᠶᠢᠨ ᠲᠤᠬᠠᠶ     ᠨᠣᠬᠠᠶ ᠲᠡᠵᠢᠭᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠣᠬᠠᠶ ᠲᠡᠵᠢᠭᠡᠭᠴᠢ ᠶᠢᠨ ᠪᠡᠶ᠎ᠡ  ᠪᠠᠨ ᠱᠠᠭᠠᠷᠳᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ  ᠂ ᠬᠤᠷᠢᠨ ᠨᠢᠭᠡᠳᠦᠭᠡᠷ ᠵᠦᠢᠯ ᠳᠤ ᠨᠣᠬᠠᠶ ᠲᠡᠵᠢᠭᠡᠭᠴᠢ ᠶᠢᠨ ᠵᠢᠷᠤᠮᠯᠠᠬᠤ ᠶᠣᠰᠣᠲᠠᠶ ᠲᠣᠭᠲᠠᠭᠠᠯ ᠳᠤ ᠵᠠᠰᠠᠪᠤᠷᠢ ᠤᠷᠤᠭᠤᠯᠤᠨ ᠲᠡᠭᠦᠯᠳᠡᠷᠵᠢᠭᠦᠯᠪᠡ᠃ ᠨᠢᠭᠡ ᠳᠤ ᠨᠣᠬᠠᠶ ᠪᠠᠨ ᠳᠠᠭᠠᠭᠤᠯᠵᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ ᠣᠷᠣᠬᠤ ᠶᠢ ᠴᠠᠭᠠᠵᠠᠯᠠᠬᠤ ᠠᠭᠤᠯᠭ᠎ᠠ ᠶᠢ ᠨᠡᠮᠡᠪᠡ︔ ᠬᠤᠶᠠᠷ ᠲᠤ ᠨᠣᠬᠠᠶ ᠳᠤ ᠬᠠᠯᠠ ᠦᠵᠡᠭᠦᠯᠵᠦ᠂ ᠨᠤᠬᠠᠢ ᠶᠢ ᠬᠤᠤᠷᠳᠠᠭᠤᠯᠵᠤ ᠪᠣᠯᠬᠤ ᠦᠭᠡᠢ ᠭᠡᠳᠡᠭ ᠠᠭᠤᠯᠭ᠎ᠠ ᠶᠢ ᠨᠡᠮᠡᠪᠡ  ︔ ᠭᠤᠷᠪᠠ ᠳᠤ ᠨᠣᠬᠠᠶ  ᠦᠬᠦᠪᠡᠯ᠂ ᠬᠤᠤᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠶ ᠭᠡᠳᠡᠭ ᠠᠭᠤᠯᠭ᠎ᠠ ᠶᠢ ᠨᠡᠮᠡᠪᠡ᠃ ᠡᠭᠦᠨ ᠤ ᠳᠤ ᠬᠠᠮᠲᠤ᠂ ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠤᠨ ᠪᠦᠳᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ ᠰᠢᠨ᠎ᠡ ᠪᠠᠷ ᠨᠡᠮᠡᠭᠰᠡᠨ ᠦᠢᠯᠡ ᠠᠵᠢᠯᠯᠠᠭ᠎ᠠ ᠵᠢᠴᠢ ᠨᠣᠬᠠᠶ ᠶᠢᠨ ᠪᠤᠰᠤᠳ ᠢ ᠭᠡᠮᠲᠦᠭᠡᠭᠰᠡᠨ ᠦᠢᠯᠡ ᠠᠵᠢᠯᠯᠠᠭ᠎ᠠ ᠳᠤ ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠲᠣᠭᠲᠠᠭᠠᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠰᠢᠢᠳᠬᠡᠨ ᠲᠣᠷᠭᠠᠬᠤ ᠮᠦᠩᠭᠦ ᠲᠦᠭᠦᠷᠢᠭ ᠤᠨ ᠲᠤᠭ᠎ᠠ ᠬᠡᠮᠵᠢᠶ᠎ᠡ ᠶᠢ ᠲᠣᠳᠣᠷᠬᠠᠶᠢᠯᠠᠪᠠ᠃       ᠡᠭᠦᠨ ᠤ ᠬᠠᠮᠳᠤ᠂ ᠰᠣᠷᠪᠤᠯᠵᠢᠯᠠᠭᠴᠢ  ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠳᠤ᠂ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠮᠨᠡᠯᠭᠡ ᠶᠢᠨ ᠬᠤᠷᠢᠶ᠎ᠠ᠂ ᠬᠡᠤᠬᠡᠳ ᠤᠨ ᠴᠡᠴᠡᠷᠯᠢᠭ ᠪᠠ ᠰᠤᠷᠭᠠᠭᠤᠯᠢ ᠶᠢᠨ ᠵᠢᠭᠠᠨ  ᠰᠤᠷᠭᠠᠯᠲᠠ ᠶᠢᠨ ᠲᠣᠭᠤᠷᠢᠭ᠂ ᠰᠣᠷᠣᠭᠴᠢ ᠶᠢᠨ ᠪᠠᠶᠢᠷᠢ ᠶᠢᠨ ᠲᠣᠭᠤᠷᠢᠭ ᠲᠤ ᠨᠣᠬᠠᠶ ᠲᠡᠵᠢᠭᠡᠵᠦ ᠪᠣᠯᠬᠤ ᠥᠬᠡᠶ᠃ ᠡᠭᠦᠨ ᠤ ᠬᠠᠮᠳᠤ ᠭᠤᠤᠯᠳᠠᠯᠭ᠎ᠠ ᠲᠠᠢ ᠨᠣᠬᠠᠶ ᠲᠡᠵᠢᠭᠡᠬᠦ ᠬᠠᠮᠢᠶᠠᠷᠤᠯᠲᠠ ᠶᠢᠨ ᠣᠷᠣᠨ ᠳᠣᠲᠣᠷ᠎ᠠ ᠡᠷᠦᠬᠡ ᠪᠦᠷᠢ ᠨᠢᠭᠡ ᠨᠣᠬᠠᠶ ᠲᠡᠵᠢᠭᠡᠬᠦ ᠪᠠᠷ ᠬᠢᠵᠠᠭᠠᠷᠯᠠᠵᠤ᠂ ᠬᠡᠳᠡᠷ ᠳᠣᠭᠰᠢᠨ ᠵᠠᠭᠤᠳᠠᠭ ᠨᠣᠬᠠᠶ ᠪᠠ ᠬᠦᠮᠦᠨ ᠳᠤ ᠤᠷᠤᠵᠤ ᠲᠠᠭᠠᠷᠢᠬᠤ ᠵᠠᠩ ᠲᠠᠢ ᠪᠦᠳᠦᠭᠦᠨ ᠨᠣᠬᠠᠶ ᠲᠡᠵᠢᠭᠡᠵᠦ ᠪᠣᠯᠬᠤ ᠥᠬᠡᠶ ᠭᠡᠵᠦ ᠲᠤᠳᠤᠷᠬᠠᠢ ᠲᠣᠭᠲᠠᠭᠠᠪᠠ᠃ ᠳᠡᠭᠡᠷᠡᠬᠢ ᠬᠠᠤᠯᠢ ᠲᠣᠭᠲᠠᠭᠠᠯ ᠠᠴᠠ ᠵᠥᠷᠢᠴᠡᠨ ᠨᠣᠬᠠᠶ ᠲᠡᠵᠢᠭᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠣᠬᠠᠶ ᠶᠢ ᠨᠢ ᠬᠤᠷᠢᠶᠠᠵᠤ ᠠᠪᠬᠤ ᠶᠢᠨ ᠬᠠᠮᠲᠤ ᠪᠠᠶᠢᠭᠤᠯᠭ᠎ᠠ ᠶᠢ 3000 ᠲᠥᠭᠦᠷᠢᠭ ᠢᠶᠠᠷ ᠲᠣᠷᠭᠠᠵᠤ᠂ ᠬᠤᠪᠢ ᠬᠥᠮᠦᠨ ᠢ 1000 ᠲᠥᠭᠦᠷᠢᠭ  ᠢᠶᠠᠷ ᠲᠣᠷᠭᠠᠨ᠎ᠠ᠃     ︽ᠬᠥᠬᠡᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠲᠣᠭᠲᠠᠭᠠᠯ︾ ᠢ ᠬᠡᠷᠡᠭᠵᠢᠭᠦᠯᠦᠭᠰᠡᠨ ᠤ ᠳᠠᠷᠠᠭ᠎ᠠ᠂ ᠬᠥᠬᠡᠬᠤᠲᠠ ᠨᠣᠬᠠᠶ ᠲᠡᠵᠢᠭᠡᠬᠦ ᠳᠤ ᠳᠠᠩᠰᠠᠯᠠᠭᠤᠯᠬᠤ᠂ ᠣᠨ ᠤ ᠪᠠᠶᠢᠴᠠᠭᠠᠯᠲᠠ ᠬᠢᠬᠦ᠂ ᠲᠠᠷᠬᠠᠯᠠᠭ᠎ᠠ ᠶᠢᠨ ᠳᠦᠷᠢᠮ ᠢ ᠬᠡᠷᠡᠭᠵᠢᠬᠦᠯᠵᠦ᠂ ᠨᠤᠬᠠᠢ ᠶᠢ ᠳᠠᠩᠰᠠᠯᠠᠭᠤᠯᠤᠭᠰᠠᠨ ᠦᠭᠡᠢ᠂ ᠣᠨ ᠤ ᠪᠠᠶᠢᠴᠠᠭᠠᠯᠲᠠ ᠬᠢᠯᠭᠡᠭᠰᠡᠨ ᠦᠭᠡᠢ᠂ ᠲᠠᠷᠬᠠᠯᠠᠭᠰᠠᠨ ᠦᠭᠡᠢ ᠪᠣᠯ ᠶᠠᠮᠠᠷᠪᠠ ᠨᠢᠭᠡᠴᠡ ᠪᠠ ᠬᠤᠪᠢ ᠬᠥᠮᠦᠨ ᠨᠣᠬᠠᠶ ᠲᠡᠵᠢᠭᠡᠵᠦ ᠪᠣᠯᠬᠤ ᠦᠭᠡᠢ᠃ ᠨᠣᠬᠠᠶ ᠲᠡᠵᠢᠭᠡᠬᠦ ᠳᠠᠩᠰᠠᠯᠠᠯ ᠤᠨ ᠦᠨᠡᠮᠯᠡᠯ ᠨᠢ ᠨᠢᠭᠡ ᠨᠣᠬᠠᠶ ᠨᠢᠭᠡ ᠦᠨᠡᠮᠯᠡᠯ ᠲᠠᠢ ᠪᠠᠶᠢᠬᠤ ᠶᠢ ᠬᠡᠷᠡᠭᠵᠢᠭᠦᠯᠵᠦ᠂ ᠵᠢᠯ ᠪᠦᠷᠢ ᠨᠢᠭᠡ ᠤᠳᠠᠭ᠎ᠠ ᠪᠠᠶᠢᠴᠠᠭᠠᠯᠲᠠ ᠬᠢᠨ᠎ᠡ᠃ ᠣᠨ ᠤ ᠪᠠᠶᠢᠴᠠᠭᠠᠯᠲᠠ ᠬᠢᠬᠦ ᠦᠶ᠎ᠡ ᠳᠤ᠂ ᠨᠣᠬᠠᠶ ᠲᠡᠵᠢᠭᠡᠭᠴᠢ  ᠨᠣᠬᠠᠶ ᠲᠡᠵᠢᠭᠡᠬᠦ ᠪᠠᠷ ᠲᠠᠩᠰᠠᠯᠠᠭᠤᠯᠤᠭᠰᠠᠨ ᠬᠦᠴᠦᠨ ᠪᠥᠬᠦᠶ ᠦᠨᠡᠮᠯᠡᠯ ᠪᠠ  ᠲᠠᠷᠬᠠᠯᠠᠭ᠎ᠠ ᠶᠢᠨ ᠭᠡᠷᠡᠴᠢ ᠪᠠᠨ ᠭᠠᠷᠭᠠᠵᠤ ᠦᠵᠡᠭᠦᠯᠬᠦ ᠬᠡᠷᠡᠭᠲᠡᠶ᠃      
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ