ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/21
      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠵᠤ᠂ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠦᠯᠦᠭᠡ᠂ 2020 ᠣᠨ ᠤ 10 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠰᠢᠨ᠎ᠡ ᠬᠤᠲᠠ ᠲᠣᠭᠤᠷᠢᠭ ᠤᠨ ᠰᠤᠷᠭᠠᠨ ᠬᠦᠮᠦᠵᠢᠯ ᠤᠨ ᠲᠣᠪᠴᠢᠶ᠎ᠠ ᠳ᠋ᠢᠩ ᠰᠢᠶᠠᠩ ᠵᠠᠮ ᠤᠨ ᠪᠠᠭ᠎ᠠ ᠰᠤᠷᠭᠠᠭᠤᠯᠢ ᠳᠤ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠢ ᠰᠤᠷᠭᠠᠨ ᠬᠥᠮᠦᠵᠢᠯ ᠤᠨ ᠲᠣᠪᠴᠢᠶ᠎ᠠ ᠶᠢᠨ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ ᠪᠥ᠋ ᠡᠯ ᠵᠢᠶᠦ᠋ᠨ ᠡᠷᠬᠢᠯᠡᠪᠡ᠃
     ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠸᠠᠩ ᠰᠢᠤᠸᠠᠢ ᠳ᠋ᠦᠩ ᠡᠯ᠎ᠡ ᠰᠤᠷᠭᠠᠭᠤᠯᠢ ᠶᠢᠨ ᠬᠦᠷᠢᠶᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠲᠠᠯ᠎ᠠ ᠪᠠᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠲᠠᠢ ᠪᠠᠶᠢᠵᠤ᠂ ᠬᠠᠷᠢᠭᠤᠴᠠᠯᠭ᠎ᠠ ᠪᠠᠨ ᠲᠦᠯᠬᠢᠵᠦ ᠪᠣᠯᠬᠤ ᠦᠭᠡᠢ᠂ ᠬᠠᠮᠢᠶᠠᠷᠤᠯᠲᠠ ᠪᠠᠨ ᠴᠢᠩᠭᠠᠳᠬᠠᠵᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠠᠵᠢᠯ ᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠰᠤᠷᠭᠠᠭᠤᠯᠢ ᠶᠢᠨ ᠠᠮᠤᠷ ᠲᠣᠭᠲᠠᠭᠤᠨ ᠪᠠᠶᠢᠬᠤ ᠡᠯ᠎ᠡ ᠵᠣᠶᠢᠯ ᠤᠨ ᠡᠭᠦᠷᠭᠡ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃       ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠷᠢᠯᠠᠭᠤᠯᠤᠯᠲᠠ ᠳᠠᠭᠠᠨ᠄ ᠨᠢᠭᠡ ᠳᠤ ︽ᠭᠤᠷᠪᠠ ᠶᠢ ᠰᠡᠷᠭᠡᠶᠢᠯᠡᠬᠦ︾ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠤᠤᠯᠳᠠᠭᠤ ᠵᠢᠯ ᠤᠨ ᠡᠴᠦᠰ ᠠᠴᠠ ᠡᠮᠦᠨ᠎ᠡ ᠱᠠᠭᠠᠷᠳᠠᠯᠭ᠎ᠠ ᠶᠣᠰᠣᠭᠠᠷ ᠰᠤᠷᠭᠠᠭᠤᠯᠢ ᠶᠢᠨ ᠬᠦᠷᠢᠶᠡᠨ ᠤ ᠪᠤᠳᠠᠰ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠲᠡᠷᠡᠴᠢᠯᠡᠨ ᠬᠡᠮᠵᠢᠶᠡᠵᠢᠭᠦᠯᠦᠭᠰᠡᠨ ᠨᠠᠷᠢᠨ ᠬᠠᠭᠤᠳᠠᠰᠤ ᠶᠢ ᠪᠤᠢ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠪᠠᠶᠢᠴᠠᠭᠠᠨ ᠵᠠᠰᠠᠬᠤ ᠬᠡᠷᠡᠭᠲᠡᠶ᠃ ᠬᠤᠶᠠᠷ ᠲᠤ ᠪᠠᠭᠰᠢ ᠰᠤᠷᠤᠭᠴᠢ ᠶᠢᠨ ᠠᠮᠤᠷ ᠲᠦᠪᠰᠢᠨ ᠤ ᠬᠥᠮᠦᠵᠢᠯ ᠢ ᠰᠠᠶᠢᠲᠤᠷ ᠬᠢᠵᠦ᠂ ᠦᠵᠡᠯ ᠰᠠᠨᠠᠭ᠎ᠠ ᠪᠠᠨ ᠬᠤᠪᠢᠷᠠᠭᠤᠯᠬᠤ᠂ ᠠᠷᠭ᠎ᠠ ᠮᠠᠶ᠋ᠢᠭ ᠠᠷᠭ᠎ᠠ ᠪᠠᠷᠢᠯ ᠠᠴᠠ ᠪᠠᠨ ᠦᠨᠡᠨ ᠬᠦ ᠬᠦᠴᠦ ᠣᠷᠣᠭᠤᠯᠬᠤ ᠶᠢᠨ ᠬᠠᠮᠲᠤ ᠤᠯᠠᠨ ᠵᠣᠶᠢᠯ ᠤᠨ ᠬᠡᠯᠪᠡᠷᠢ ᠶᠢ ᠠᠪᠴᠤ ᠪᠠᠶᠢᠭᠠᠳ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠶ᠃ ᠭᠤᠷᠪᠠ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠬᠤ ᠠᠵᠢᠯ ᠳᠤ ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠯᠤᠭ᠎ᠠ ᠤᠶᠠᠯᠳᠤᠭᠤᠯᠤᠨ ᠶᠡᠷᠦᠩᠬᠡᠶᠢᠯᠡᠭᠰᠡᠨ ᠠᠷᠭ᠎ᠠ ᠪᠣᠳᠣᠯᠭ᠎ᠠ  ᠬᠡᠷᠡᠭᠵᠢᠭᠦᠯᠬᠦ ᠬᠡᠷᠡᠭᠲᠡᠢ᠃ ᠳᠥᠷᠪᠡ ᠳᠤ ᠡᠯ᠎ᠡ ᠰᠤᠷᠭᠠᠭᠤᠯᠢ ᠶᠢᠨ ᠬᠦᠷᠢᠶᠡᠨ ᠤ ᠬᠠᠷᠢᠭᠤᠴᠠᠯᠭᠠᠲᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠰᠢᠯᠢᠳᠡᠭ ᠬᠥᠮᠦᠰ ᠢ ᠰᠣᠩᠭᠤᠨ ᠲᠣᠮᠢᠯᠠᠵᠤ᠂ ᠠᠮᠤᠷ ᠲᠦᠪᠰᠢᠨ ᠤ ᠠᠵᠢᠯ ᠤᠨ ᠣᠨᠴᠠᠭᠠᠶ ᠴᠢᠨᠠᠷ ᠲᠤ ᠴᠢᠭᠯᠡᠭᠦᠯᠦᠨ᠂ ᠠᠮᠤᠷ ᠲᠦᠪᠰᠢᠨ ᠤ ᠠᠵᠢᠯ ᠢ ᠬᠠᠷᠢᠭᠤᠴᠠᠵᠤ ᠪᠠᠶᠢᠭ᠎ᠠ ᠬᠥᠮᠦᠰ ᠢ ᠢᠯᠡᠭᠦᠬᠡᠨ ᠵᠢᠯᠣᠭᠤᠳᠴᠤ᠂ ᠠᠷᠭ᠎ᠠ ᠭᠠᠷᠭᠠᠵᠤ᠂ ᠦᠷᠭᠦᠯᠵᠢ ᠳᠠᠭᠠᠵᠤ ᠬᠢᠬᠦ ᠬᠡᠷᠡᠭᠲᠡᠶ᠃ ᠲᠠᠪᠤ ᠳᠤ ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠤᠬᠠᠭᠤᠯᠭ᠎ᠠ᠂ ᠰᠠᠭᠤᠷᠢ ᠦᠷᠳᠡᠭᠡ ᠴᠡᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃ ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠸᠠᠩ ᠰᠢᠦᠸᠡᠶ ᠳ᠋ᠦᠩ ᠡᠯ᠎ᠡ ᠰᠤᠷᠭᠠᠭᠤᠯᠢ ᠶᠢᠨ ᠬᠦᠷᠢᠶᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠲᠠᠯ᠎ᠠ ᠪᠠᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠲᠠᠢ ᠪᠠᠶᠢᠵᠤ᠂ ᠬᠠᠷᠢᠭᠤᠴᠠᠯᠭ᠎ᠠ ᠪᠠᠨ ᠲᠦᠯᠬᠢᠵᠦ ᠪᠣᠯᠬᠤ ᠦᠭᠡᠢ᠂ ᠬᠠᠮᠢᠶᠠᠷᠤᠯᠲᠠ ᠪᠠᠨ ᠴᠢᠩᠭᠠᠳᠬᠠᠵᠤ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠦᠨ᠂ ᠰᠠᠨᠠᠭᠠᠴᠢᠯᠠᠭ᠎ᠠ ᠠᠴᠠ ᠪᠠᠨ ᠬᠢᠵᠦ᠂ ᠰᠤᠷᠭᠠᠭᠤᠯᠢ ᠶᠢᠨ ᠠᠮᠤᠷ ᠲᠣᠭᠲᠠᠭᠤᠨ ᠪᠠᠶᠢᠬᠤ ᠡᠯ᠎ᠡ ᠵᠣᠶᠢᠯ ᠤᠨ ᠡᠭᠦᠷᠭᠡ ᠶᠢ ᠦᠨᠡᠨ ᠪᠤᠲᠠᠲᠠᠢ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃
     ᠪᠥ᠋ ᠡᠯ ᠵᠢᠶᠦ᠋ᠨ ᠡᠷᠬᠢᠯᠡᠭᠴᠢ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠠᠵᠢᠯ ᠢ ᠪᠣᠳᠠᠲᠠᠶᠢᠵᠢᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠢ ᠲᠠᠶᠢᠯᠪᠤᠷᠢᠯᠠᠨ ᠣᠩᠰᠢᠵᠤ᠂ ᠡᠯ᠎ᠡ ᠰᠤᠷᠭᠠᠭᠤᠯᠢ ᠶᠢᠨ ᠬᠦᠷᠢᠶ᠎ᠠ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠵᠤ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠪᠢᠲᠡᠭᠦᠤ ᠴᠠᠭᠠᠷᠢᠭᠲᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠳᠤ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠠᠵᠢᠯ ᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠰᠢᠮᠳᠠᠭᠤᠯᠤᠨ ᠪᠠᠶᠢᠴᠠᠭᠠᠭᠰᠠᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠵᠤ᠂ ᠲᠠᠷᠠᠭᠠᠴᠢ ᠶᠢᠨ ᠠᠯᠬᠤᠮ ᠳᠤ ᠰᠤᠷᠭᠠᠨ ᠬᠥᠮᠦᠵᠢᠯ ᠤᠨ ᠲᠣᠪᠴᠢᠶ᠎ᠠ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯᠯᠠᠭ᠎ᠠ ᠦᠷᠨᠢᠭᠦᠯᠦᠨ᠎ᠡ ᠭᠡᠪᠡ᠃       ᠲᠤᠭᠤᠷᠢᠭ ᠤᠨ ᠬᠠᠷᠢᠶ᠎ᠠ ᠡᠯ᠎ᠡ ᠰᠤᠷᠭᠠᠭᠤᠯᠢ ᠶᠢᠨ ᠬᠦᠷᠢᠶᠡᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠬᠦᠷᠢᠶ᠎ᠡ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ  ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号