ᠬᠥᠬᠡᠬᠤᠲᠠ ᠶᠢᠨ ᠨᠤᠭᠤ ᠭᠠᠵᠠᠷ ᠢ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2020/10/21
   ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠰᠢᠨ︶ ᠨᠠᠮᠤᠷ ᠤᠨ  ᠬᠠᠷ᠎ᠠ ᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ   ᠳᠤ ᠵᠡᠭᠡᠰᠦ ᠬᠤᠯᠤᠰᠤ ᠢᠭᠴᠤᠷᠠᠨ᠂ ᠡᠪᠡᠰᠦ  ᠮᠤᠳᠤ ᠰᠢᠭᠤᠶᠢᠷᠠᠵᠦ᠂ ᠲᠡᠨᠢᠭᠡᠷ ᠠᠭᠤᠳᠠᠮ ᠤᠰᠤᠨ ᠳᠡᠭᠡᠷ᠎ᠡ ᠮᠠᠰᠢ ᠣᠯᠠᠨ ᠰᠢᠪᠠᠭᠤ ᠤᠰᠤ ᠰᠡᠯᠢᠵᠦ ᠢᠳᠡᠰᠢ ᠡᠷᠢᠵᠦ ᠶᠠᠭᠠᠷᠠᠯᠳᠤᠨ᠂ ᠭᠤᠶᠤ ᠰᠠᠶᠢᠬᠠᠨ ᠦᠵᠡᠮᠵᠢ ᠨᠢ ᠬᠦᠮᠤᠰ ᠢ ᠰᠣᠭᠲᠣᠭᠤᠷᠠᠭᠤᠯᠤᠨ᠎ᠠ᠃ ᠡᠨᠡ ᠪᠦᠬᠦᠨ ᠨᠢ ᠴᠥᠮ ᠮᠠᠨ ᠤ ᠬᠤᠲᠠ ᠨᠤᠭᠤ ᠭᠠᠵᠠᠷ ᠢ ᠬᠠᠮᠠᠭᠠᠯᠠᠬᠤ ᠠᠵᠢᠯ ᠢ ᠪᠦᠲᠦᠮᠵᠢᠲᠡᠢ ᠥᠷᠨᠢᠭᠦᠯᠦᠭᠰᠡᠨ ᠲᠠᠢ ᠰᠠᠯᠤᠰᠢ ᠦᠭᠡᠢ ᠨᠢᠭᠲᠠ ᠬᠤᠯᠪᠣᠭ᠎ᠠ ᠲᠠᠢ ᠶᠤᠮ᠃     ᠬᠦᠬᠡᠬᠤᠲᠡ ᠶᠢᠨ ᠨᠤᠲᠤᠭ ᠳᠡᠪᠢᠰᠬᠡᠷ ᠤᠨ ᠶᠡᠷᠦᠩᠬᠡᠶ ᠲᠠᠯᠠᠪᠠᠢ 172.24 ᠲᠦᠮᠡᠨ ᠾᠧᠺᠲ᠋ᠠᠷ᠂ ᠣᠲᠣ ᠶᠢᠨ ᠨᠤᠭᠤ ᠭᠠᠵᠠᠷ ᠤᠨ ᠲᠠᠯᠠᠪᠠᠶ ᠨᠢ 3.33 ᠲᠦᠮᠡᠨ ᠾᠧᠺᠲ᠋ᠠᠷ ᠪᠠᠶᠢᠵᠤ᠂ ᠨᠡᠶᠢᠲᠡ 368 ᠬᠡᠰᠡᠭ ᠪᠠᠶᠢᠵᠤ᠂ ᠨᠤᠭᠤ ᠭᠠᠵᠠᠷ ᠤᠨ ᠨᠣᠷᠮ᠎ᠠ ᠨᠢ 1.9% ᠪᠣᠯᠤᠨ᠎ᠠ᠃ ᠮᠠᠨ ᠤ ᠬᠤᠲᠠ ᠨᠤᠭᠤ ᠭᠠᠵᠠᠷ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠤᠭᠤ ᠭᠠᠵᠠᠷ ᠤᠨ ᠲᠠᠷᠬᠠᠯᠲᠠ ᠶᠢᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠳᠥᠷᠪᠡᠨ ᠵᠥᠢᠯ ᠤᠨ ᠬᠡᠯᠪᠡᠷᠢ ᠪᠠᠷ ᠨᠤᠭᠤ ᠭᠠᠵᠠᠷ ᠢ ᠬᠠᠮᠠᠭᠠᠯᠠᠬᠤ ᠠᠵᠢᠯ ᠢ ᠥᠷᠨᠢᠭᠦᠯᠪᠡ᠃ ᠨᠢᠭᠡ ᠳᠤ ᠨᠤᠭᠤ ᠭᠠᠵᠠᠷ ᠤᠨ ᠴᠡᠴᠡᠷᠯᠢᠭ ᠢ ᠪᠦᠲᠦᠭᠡᠨ ᠪᠠᠶᠢᠭᠤᠯᠵᠤ ᠨᠤᠭᠤ ᠭᠠᠵᠠᠷ ᠤᠨ ᠬᠠᠮᠠᠭᠠᠯᠠᠯᠲᠠ ᠬᠢᠪᠡ᠂ ᠵᠢᠱᠢᠶᠡᠯᠡᠪᠡᠯ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ᠂ ᠴᠢᠩ ᠱᠦᠶ ᠾᠧ ᠰᠢᠶᠠᠨ ᠤ ᠾᠦᠨᠾᠧ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠢᠦᠶ ᠴᠢᠤᠸᠠᠨ ᠲᠣᠭᠤᠷᠢᠭ ᠤᠨ ᠨᠠᠨ ᠬᠡᠤ ᠬᠤᠲᠠ ᠶᠢᠨ ᠨᠤᠭᠤ ᠭᠠᠵᠠᠷ ᠤᠨ ᠴᠡᠴᠡᠷᠯᠢᠭ᠃ ᠬᠤᠶᠠᠷ ᠲᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠵᠢᠷᠤᠮᠵᠢᠭᠤᠯᠵᠤ ᠨᠤᠭᠤ ᠭᠠᠵᠠᠷ ᠤᠨ ᠬᠠᠮᠠᠭᠠᠯᠠᠯᠲᠠ ᠬᠢᠪᠡ᠂ ᠵᠢᠱᠢᠶᠡᠯᠡᠪᠡᠯ ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠰᠠᠶᠢᠬᠠᠨ ᠲᠣᠭᠤᠷᠢᠭ ᠤᠨ ᠴᠢᠯᠠᠭᠤᠨ ᠬᠥᠮᠥᠨ ᠲᠣᠬᠤᠢ ᠰᠢᠶᠠᠨ ᠤ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠬᠠᠮᠠᠭᠠᠯᠠᠯᠲᠠ ᠶᠢᠨ ᠣᠷᠣᠨ ᠤ ᠳᠣᠲᠣᠷᠠᠬᠢ ᠤᠰᠤᠨ ᠴᠣᠭᠴᠠ᠃ ᠭᠤᠷᠪᠠ ᠳᠤ ᠭᠤᠤᠯ ᠮᠥᠷᠡᠨ ᠪᠠ ᠤᠰᠤᠨ ᠴᠥᠭᠦᠷᠥᠮ ᠤᠨ ᠬᠠᠮᠢᠶᠠᠷᠤᠯᠲᠠ ᠶᠢ ᠴᠢᠩᠭᠠᠳᠬᠠᠵᠤ ᠨᠤᠭᠤ ᠭᠠᠵᠠᠷ ᠤᠨ ᠬᠠᠮᠠᠭᠠᠯᠠᠯᠲᠠ ᠬᠢᠪᠡ᠂ ᠵᠢᠱᠢᠶᠡᠯᠡᠪᠡᠯ᠂ ᠲᠡᠯᠡᠶ ᠶᠢᠨ ᠤᠷᠤᠰᠬᠠᠯ ᠤᠨ ᠤᠰᠤᠨ ᠴᠥᠭᠦᠷᠥᠮ᠂ ᠪᠠᠶ ᠱᠢ ᠭᠸᠦ ᠤᠰᠤᠨ ᠴᠥᠭᠦᠷᠥᠮ᠂ ᠬᠠᠷᠠᠴᠢᠨ ᠤᠰᠤᠨ ᠴᠥᠭᠦᠷᠥᠮ᠂ ᠶᠡᠭᠡ ᠲᠦᠷᠭᠡᠨ ᠭᠤᠤᠯ᠂ ᠪᠠᠭ᠎ᠠ ᠲᠦᠷᠭᠡᠨ ᠭᠤᠤᠯ ᠵᠡᠷᠭᠡ᠃ ᠳᠥᠷᠪᠡ ᠳᠤ ᠵᠣᠬᠢᠰᠲᠠᠶ ᠵᠤᠭᠠᠴᠠᠯ ᠢ ᠨᠡᠭᠡᠭᠡᠨ ᠬᠥᠭᠵᠢᠭᠦᠯᠵᠦ ᠨᠤᠭᠤ ᠭᠠᠵᠠᠷ ᠤᠨ ᠬᠠᠮᠠᠭᠠᠯᠠᠯᠲᠠ ᠬᠢᠪᠡ᠂ ᠵᠢᠱᠢᠶᠡᠯᠡᠪᠡᠯ ᠦᠴᠤᠸᠠᠨ ᠰᠢᠶᠠᠨ ᠤ ᠨᠠᠭᠤᠷ ᠤᠨ ᠨᠢᠷᠤᠭᠤ ᠶᠢᠨ ᠥᠨᠳᠥᠷ ᠠᠭᠤᠯᠠ ᠶᠢᠨ ᠲᠠᠯ᠎ᠠ ᠨᠤᠲᠤᠭ ᠤᠨ ᠨᠠᠮᠤᠭ ᠨᠤᠭᠤ ᠭᠠᠵᠠᠷ ᠢ ᠬᠠᠮᠠᠭᠠᠯᠠᠪᠠ᠃ ᠡᠭᠦᠨ ᠤ ᠬᠠᠮᠲᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ ᠲᠤᠲᠤᠮ ᠤᠨ ᠲᠣᠭᠤᠷᠢᠨ ᠬᠠᠮᠠᠭᠠᠯᠠᠯᠲᠠ ᠲᠠᠢ ᠤᠶᠠᠯᠳᠤᠭᠤᠯᠤᠨ᠂ ᠨᠤᠭᠤ ᠭᠠᠵᠠᠷ ᠤᠨ ᠡᠬᠢ ᠪᠠᠶᠠᠯᠢᠭ ᠤᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠨᠤᠭᠤ ᠭᠠᠵᠠᠷ ᠢ ᠡᠪᠳᠡᠭᠰᠡᠨ  ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠤᠭᠰᠤᠭᠠᠪᠠ︔ ᠨᠤᠭᠤ ᠭᠠᠵᠠᠷ ᠤᠨ ᠤᠰᠤᠨ ᠤ ᠴᠢᠨᠠᠷ   ᠤᠨ ᠪᠠᠶᠢᠳᠠᠯ ᠢ ᠬᠢᠨᠠᠨ ᠬᠡᠮᠵᠢᠬᠦ ᠶᠢ ᠠᠵᠢᠯ ᠥᠷᠨᠢᠭᠦᠯᠵᠦ᠂ ᠡᠯ᠎ᠡ ᠲᠥᠷᠥᠯ ᠤᠨ ᠤᠰᠤᠨ ᠤ ᠴᠢᠨᠠᠷ   ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠵᠦ᠂ ᠪᠦᠬᠦ ᠬᠤᠲᠠ ᠶᠢᠨ ᠡᠯ᠎ᠡ ᠲᠥᠷᠥᠯ ᠤᠨ ᠤᠰᠤᠨ ᠣᠷᠣᠨ ᠤ ᠤᠰᠤᠨ ᠤ ᠴᠢᠨᠠᠷ ᠦᠷᠭᠦᠯᠵᠢᠯᠡᠨ ᠰᠠᠢᠵᠢᠷᠠᠬᠤ ᠶᠢ ᠪᠠᠲᠤᠯᠠᠪᠠ᠃    ᠬᠤᠲᠠ ᠰᠢᠶᠠᠨ ᠬᠤᠶᠠᠷ ᠱᠠᠲᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠪᠠ᠃ ᠲᠤᠰᠬᠠᠶ ᠲᠤᠰᠢᠶᠠᠯᠲᠤ ᠨᠤᠭᠤ ᠭᠠᠵᠠᠷ ᠢ ᠬᠠᠮᠠᠭᠠᠯᠠᠨ ᠬᠠᠮᠢᠶᠠᠷᠬᠤ ᠪᠠᠶᠢᠭᠤᠯᠤᠮᠵᠢ ᠪᠠᠶᠢᠭᠤᠯᠵᠤ᠂ ᠨᠤᠭᠤ ᠭᠠᠵᠠᠷ ᠢ ᠬᠠᠮᠠᠭᠠᠯᠠᠬᠤ ᠲᠥᠰᠦᠯ᠂ ᠠᠵᠢᠯ ᠤᠨ ᠲᠥᠯᠥᠪᠯᠡᠭᠡ ᠲᠣᠭᠲᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠵᠢᠯ ᠥᠷᠨᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠶᠢᠨ ᠬᠠᠮᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠬᠤ ᠨᠥᠬᠦᠪᠥᠷᠢ ᠮᠥᠩᠭᠦ ᠶᠢ ᠢᠳᠡᠪᠬᠢᠲᠡᠢ ᠣᠯᠵᠤ᠂ ᠣᠷᠣᠨ ᠨᠤᠲᠤᠭ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠭᠤᠤᠯ ᠤᠨ ᠡᠷᠭᠢ ᠶᠢᠨ ᠬᠠᠯᠬᠠᠪᠴᠢ ᠣᠢ᠂ ᠮᠠᠭᠤᠵᠢᠷᠠᠭᠰᠠᠨ ᠪᠡᠯᠴᠢᠭᠡᠷ ᠢ ᠵᠠᠰᠠᠨ  ᠰᠡᠷᠭᠦᠭᠡᠵᠦ᠂ ᠬᠢᠯᠢ ᠶᠢᠨ ᠪᠠᠭᠠᠨ᠎ᠠ ᠵᠡᠷᠭᠡ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ  ᠃http://mongol.people.com.cn/15827181.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号