ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠬᠠᠮᠵᠢᠯᠴᠠᠨ ᠬᠥᠭᠵᠢᠭᠦᠯᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2020/10/21
ᠵᠠᠩ ᠪᠠᠢ ᠴᠧᠩ  ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂  ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠬᠠᠮᠵᠢᠯᠴᠠᠨ ᠬᠥᠭᠵᠢᠭᠦᠯᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠸᠠᠩ ᠯᠢ ᠰᠢᠶᠠ  ᠵᠢᠭᠠᠬᠤ ᠳᠠᠭᠠᠨ᠂ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢ ᠬᠥᠲᠥᠯᠬᠦ᠂ ᠵᠠᠰᠠᠭ ᠤᠨ ᠶᠠᠪᠤᠳᠠᠯ ᠢ ᠳᠡᠭᠡᠭᠰᠢᠯᠡᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠦᠨᠳᠦᠰᠦᠨ ᠢᠨᠵᠧᠨᠧᠷᠢᠩ ᠮᠥᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ︽ᠡᠷᠭᠢᠯᠲᠡ ᠶᠢᠨ ᠳᠠᠶᠢᠯᠠᠯᠳᠤᠭᠠᠨ︾ ᠢ ᠰᠠᠶᠢᠨ ᠬᠢᠬᠦ᠂ ᠤᠯᠤᠰ ᠤᠨ ᠳᠣᠲᠣᠭᠠᠳᠤ ᠣᠯᠠᠨ ᠤᠯᠤᠰ ᠤᠨ ︽ᠬᠤᠣᠰ ᠣᠷᠴᠢᠯ︾ ᠳᠤ ᠨᠡᠩ ᠰᠠᠶᠢᠨ ᠠᠭᠤᠰᠤᠯᠴᠠᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠷ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠵᠢᠷᠤᠭ ᠡᠯᠭᠦᠨ ᠪᠠᠶᠢᠯᠳᠤᠵᠤ᠂ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠤᠷᠢᠳᠠᠪᠠᠷ ᠠᠮᠠᠷᠬᠠᠨ ᠢ ᠳᠠᠷᠠᠭ᠎ᠠ ᠨᠢ ᠬᠦᠴᠢᠷ ᠢ᠂ ᠨᠢᠭᠡ ᠨᠢᠭᠡ ᠪᠠᠷ ᠠᠬᠢᠭᠤᠯᠬᠤ ᠵᠠᠷᠴᠢᠮ ᠶᠣᠰᠣᠭᠠᠷ᠂ ᠠᠵᠢᠯ ᠢ ᠡᠮᠬᠢ ᠵᠢᠷᠤᠮ ᠲᠠᠢ ᠡᠷᠴᠢᠮᠲᠡᠢ ᠠᠬᠢᠭᠤᠯᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠦᠭᠵᠢᠬᠦ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠷᠣᠨ ᠪᠦᠰᠡ ᠶᠢ ᠬᠠᠮᠵᠢᠯᠴᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯᠲᠡ ᠲᠠᠨᠢᠯᠲᠠ ᠪᠠᠨ ᠴᠢᠩᠭᠠᠳᠬᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠪᠤᠨ ᠬᠤᠲᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠷ ᠬᠥᠬᠡᠬᠤᠲᠠ ᠶᠢᠨ ᠢᠷᠡᠭᠡᠳᠦᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠭᠠᠵᠤ᠂ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠶᠢᠨ ᠰᠦᠷᠦᠭᠵᠢᠯ ᠤᠨ ᠬᠠᠮᠵᠢᠯᠴᠠᠨ ᠬᠦᠭᠵᠢᠬᠦ ᠶᠢ ᠠᠬᠢᠭᠤᠯᠬᠤ ᠳᠤ ᠠᠰᠢᠭᠲᠠᠢ ᠲᠣᠭᠲᠠᠴᠠ ᠶᠢ ᠪᠦᠷᠢᠯᠳᠦᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠤᠯᠤᠰ ᠤᠨ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠬᠦᠴᠦᠲᠡᠢ ᠲᠦᠯᠬᠢᠨ ᠠᠬᠢᠭᠤᠯᠵᠤ᠂ ᠲᠠᠪᠤᠨ ᠬᠤᠲᠠ ᠶᠢᠨ ᠨᠡᠩ ᠨᠢᠭᠲᠠ᠂ ᠨᠡᠩ ᠦᠷᠭᠦᠯᠵᠢᠯᠡᠬᠦᠶᠢᠴᠡ᠂ ᠨᠡᠩ ᠴᠢᠨᠠᠷ ᠰᠠᠶᠢᠲᠠᠢ ᠨᠢᠭᠡ ᠴᠣᠭᠴᠠᠵᠢᠭᠰᠠᠨ ᠬᠥᠭᠵᠢᠯᠲᠡ ᠶᠢ ᠪᠡᠶᠡᠯᠡᠭᠦᠯᠵᠦ᠂ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠥᠪ ᠬᠤᠲᠠ ᠶᠢᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠬᠦ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠬᠠᠭᠤᠳᠠᠰᠤ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠣᠭᠲᠠᠭᠰᠠᠨ ᠬᠤᠭᠤᠴᠠᠭ᠎ᠠ ᠲᠠᠢ ᠪᠠᠷ ᠵᠠᠷᠯᠠᠬᠤ᠂ ᠲᠣᠭᠲᠠᠭᠰᠠᠨ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠬᠦ ᠲᠦᠷᠢᠮ ᠢ ᠪᠠᠶᠢᠭᠤᠯᠵᠤ᠂ ᠡᠯ᠎ᠡ ᠲᠥᠷᠥᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠥᠬᠡᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠥᠪ ᠪᠠ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠭᠤᠣᠯ ᠬᠤᠲᠠ ᠪᠣᠯᠣᠭᠰᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠷ᠎ᠡ ᠳᠣᠣᠷ᠎ᠠ ᠬᠤᠯᠪᠣᠭᠠᠯᠠᠨ ᠬᠥᠳᠡᠯᠦᠯᠴᠡᠵᠦ᠂ ᠵᠡᠭᠦᠨ ᠪᠠᠷᠠᠭᠤᠨ ᠵᠣᠬᠢᠴᠠᠯᠳᠤᠵᠤ᠂ ᠨᠢᠭᠡ ᠴᠣᠭᠴᠠᠵᠢᠭᠰᠠᠨ ᠬᠥᠭᠵᠢᠯᠲᠡ ᠳᠤ ᠡᠯᠪᠡᠭ ᠪᠠᠶᠠᠯᠢᠭ ᠠᠮᠵᠢᠯᠲᠠ ᠪᠦᠲᠦᠭᠡᠯ ᠣᠯᠬᠤ ᠶᠢ ᠪᠣᠳᠠᠲᠠᠢ ᠶᠢ ᠡᠷᠬᠢᠮᠯᠡᠨ ᠲᠦᠯᠬᠢᠨ ᠠᠬᠢᠭᠤᠯᠵᠤ᠂ ᠳᠠᠪᠠᠯᠲᠠ ᠶᠢᠨ ᠴᠢᠨᠠᠷᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠢᠦ ᠴᠧᠩ ᠮᠢᠨ᠂ ᠸᠠᠩ ᠬᠤᠤ ᠯᠧᠢ᠂ ᠦ᠋ ᠸᠧᠨ ᠮᠢᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ ᠵᠢᠴᠢ ᠬᠤᠲᠠ ᠶᠢᠨ ᠳᠥᠷᠪᠡᠨ ᠲᠣᠭᠤᠷᠢᠭ᠂ ᠬᠤᠲᠠ ᠶᠢᠨ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号