ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠭᠡᠷ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2020/10/21
ᠵᠠᠩ ᠪᠠᠢ ᠴᠧᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠭᠡᠷ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠲᠥᠪ ᠬᠤᠲᠠ ᠶᠢᠨ ᠭᠡᠷ ᠭᠠᠵᠠᠷ ᠬᠥᠷᠥᠩᠭᠡ ᠶᠢᠨ ᠬᠦᠷᠢᠶᠡᠨ ᠤ ᠦᠯᠡᠳᠡᠭᠳᠡᠯ ᠠᠰᠠᠭᠤᠳᠠᠯ ᠪᠣᠯ ᠣᠯᠠᠨ ᠲᠦᠮᠡᠨ ᠤ ᠲᠤᠰᠬᠠᠯ ᠢᠶᠠᠷ ᠬᠠᠮᠤᠭ ᠴᠢᠩᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠬᠠᠮᠤᠭ ᠠᠴᠠ ᠲᠥᠪᠯᠡᠷᠡᠭᠰᠡᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠂ ᠮᠥᠨᠴᠦ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠨᠢᠭᠡᠨ ᠴᠢᠬᠤᠯᠠ ᠠᠵᠢᠯ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ ᠪᠠᠲᠤ ᠪᠣᠢ ᠪᠣᠯᠭᠠᠵᠤ᠂ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠡᠷᠴᠢ ᠵᠣᠷᠢᠭ ᠢᠶᠠᠨ ᠬᠥᠪᠴᠢᠯᠡᠵᠦ᠂ ᠨᠡᠩ ᠢᠯᠡᠭᠦᠦ ᠡᠷᠡᠰ ᠬᠠᠲᠠᠭᠤ ᠵᠣᠷᠢᠭ ᠪᠠ ᠵᠥᠪ ᠬᠠᠨᠳᠤᠵᠤ ᠬᠠᠲᠠᠭᠤ ᠲᠠᠢ ᠲᠤᠯᠬᠤ ᠣᠪᠣᠷ ᠢᠶᠠᠷ᠂ ᠣᠯᠠᠨ ᠲᠦᠮᠡᠨ ᠤ ᠲᠤᠰᠬᠠᠭᠰᠠᠨ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠭᠰᠡᠨ︾ ᠠᠰᠠᠭᠤᠳᠠᠯ ᠢ ᠨᠠᠷᠢᠨ ᠬᠢᠨᠠᠮᠠᠭᠠᠢ ᠰᠠᠶᠢᠬᠠᠨ ᠰᠢᠢᠳᠪᠦᠷᠢᠯᠡᠬᠦ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠭᠡᠷ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠤᠨ ︽ᠵᠠᠭᠤᠨ ᠡᠳᠦᠷ ᠤᠨ ᠪᠣᠭᠤᠮᠲᠠ ᠰᠢᠪᠲᠤᠯᠤᠯᠲᠠ︾ ᠶᠢ ᠰᠠᠶᠢᠲᠤᠷ ᠠᠳᠬᠤᠨ᠂ ᠰᠠᠶᠢᠬᠠᠨ ᠡᠬᠢᠯᠡᠭᠦᠯᠦᠨ ᠰᠠᠶᠢᠬᠠᠨ ᠲᠡᠭᠦᠰᠬᠡᠵᠦ᠂ ᠰᠠᠶᠢᠬᠠᠨ ᠬᠢᠵᠦ ᠰᠠᠶᠢᠬᠠᠨ ᠪᠡᠶᠡᠯᠡᠭᠦᠯᠦᠨ᠂ ᠬᠤᠲᠠ ᠶᠢᠨ ᠳᠥᠷᠪᠡᠨ ᠲᠣᠭᠤᠷᠢᠭ ᠪᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠢᠨ ᠬᠠᠷᠢᠶ᠎ᠠ ᠭᠠᠵᠠᠷ ᠤᠨ ᠢᠶᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠠᠪᠤᠴᠠ ᠳᠡᠭᠡᠷ᠎ᠡ ᠬᠠᠷᠢᠭᠤᠴᠠᠯᠭ᠎ᠠ ᠶᠢ ᠳᠠᠷᠤᠰᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠭᠠᠷ ᠳᠠᠮᠵᠢᠪᠠᠯ ᠳᠠᠷᠤᠢ ᠬᠠᠷᠢᠭᠤᠴᠠᠯᠭ᠎ᠠ ᠪᠣᠯᠬᠤ ᠡᠭᠦᠷᠭᠡᠯᠡᠯ ᠢᠶᠠᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠣᠯᠠᠨ ᠲᠦᠮᠡᠨ ᠤ ᠲᠠᠯ᠎ᠠ ᠳᠤ ᠵᠣᠭᠰᠣᠵᠤ᠂ ᠦᠨᠳᠦᠰᠦᠨ ᠱᠠᠲᠤᠨ ᠤ ᠭᠡᠷᠡᠴᠢ ᠦᠨᠡᠮᠯᠡᠯ ᠭᠦᠢᠴᠡᠳᠬᠡᠬᠦ ᠳᠤ ᠱᠠᠭᠠᠷᠳᠠᠬᠤ ᠠᠵᠢᠯ ᠤᠨ ᠬᠦᠴᠦᠨ ᠢ ᠲᠠᠰᠤᠷᠠᠯᠲᠠ ᠦᠭᠡᠢ ᠨᠥᠬᠦᠪᠦᠷᠢᠯᠡᠵᠦ᠂ ᠡᠷᠦᠬᠡ ᠰᠠᠯᠭᠠᠨ ᠳᠠᠩᠰᠠᠯᠠᠭᠤᠯᠬᠤ ᠠᠷᠭ᠎ᠠ ᠵᠠᠮ ᠢ ᠰᠢᠯᠤᠭᠤᠳᠬᠠᠨ᠂ ᠭᠡᠷᠡᠴᠢ ᠦᠨᠡᠮᠯᠡᠯ ᠭᠦᠢᠴᠡᠳᠬᠡᠬᠦ ᠠᠰᠢᠭᠯᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ ᠴᠢᠨᠠᠷ ᠢ ᠪᠠᠲᠤᠯᠠᠵᠤ᠂   ᠭᠡᠷᠡᠴᠢ ᠦᠨᠡᠮᠯᠡᠯ ᠭᠦᠢᠴᠡᠳᠬᠡᠬᠦ ᠳᠤ ᠬᠦᠴᠢᠷ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ︽ᠬᠠᠮᠤᠭ ᠰᠡᠭᠦᠯᠴᠢ ᠶᠢᠨ ᠨᠢᠭᠡ ᠮᠧᠲᠷ︾ ᠤᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠭᠦᠢᠴᠡᠳᠬᠡᠬᠦ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠠᠭᠠᠨ ᠨᠡᠶᠢᠲᠡᠯᠡᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠦᠭᠴᠦ᠂ ᠭᠡᠷ ᠤᠨ ᠢᠶᠠᠨ ᠡᠭᠦᠳᠡᠨ ᠳᠡᠭᠡᠷ᠎ᠡ ᠭᠡᠷᠡᠴᠢ ᠦᠨᠡᠮᠯᠡᠯ ᠬᠢᠯᠭᠡᠵᠦ ᠪᠣᠯᠬᠤ ᠶᠢ ᠣᠯᠠᠨ ᠲᠦᠮᠡᠨ ᠳᠤ ᠮᠡᠳᠡᠭᠦᠯᠵᠦ᠂ ᠣᠯᠠᠨ ᠲᠦᠮᠡᠨ ᠳᠤ ᠦᠪ ᠦᠨᠡᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠣᠯᠭᠤᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠢᠦ ᠴᠧᠩ ᠮᠢᠨ᠂ ᠦ᠋ ᠸᠧᠨ ᠮᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号