ᠡᠷᠦᠭᠡ ᠳᠤ ᠤᠷᠤᠵᠤ ᠬᠤᠭ ᠨᠤᠪᠰᠢ ᠶᠢ ᠲᠦᠷᠦᠯ ᠬᠤᠪᠢᠶᠠᠬᠤ ᠶᠢ ᠤᠬᠠᠭᠤᠯᠤᠨ᠎ᠠ
ᠨᠡᠶᠢᠲᠡᠯᠡᠭᠰᠡᠨ ᠴᠠᠭ᠄
2020/10/21
     ᠲᠦᠷᠦᠭᠦᠬᠡᠨ ᠳᠤ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠭᠡᠷ ᠤᠨ ᠠᠵᠢᠯᠲᠠᠨ ᠰᠠᠶᠢᠨ ᠳᠤᠷ᠎ᠠ ᠶᠢᠨ ᠦᠢᠯᠡᠴᠢᠯᠡᠭᠴᠢ ᠲᠠᠢ ᠬᠠᠮᠲᠤ ᠲᠥᠯᠥᠪᠯᠡᠭᠡ ᠶᠢᠨ ᠵᠥᠪᠯᠡᠯ ᠤᠨ ᠬᠤᠷᠢᠶᠠᠯᠠᠯ ᠳᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢ ᠡᠷᠦᠬᠡ ᠳᠤ ᠣᠷᠣᠭᠤᠯᠬᠤ ᠤᠬᠠᠭᠤᠯᠭ᠎ᠠ ᠶᠢᠨ ᠠᠵᠢᠯ ᠥᠷᠨᠢᠭᠦᠯᠪᠡ᠃      ᠠᠵᠢᠯᠯᠠᠭ᠎ᠠ ᠳᠤᠮᠳᠠ᠂ ᠠᠵᠢᠯᠲᠠᠨ ᠬᠢᠭᠡᠳ ᠰᠠᠶᠢᠨ ᠳᠤᠷ᠎ᠠ ᠶᠢᠨ ᠦᠢᠯᠡᠴᠢᠯᠡᠭᠴᠢ ᠠᠶᠢᠯ ᠳᠤ ᠣᠷᠣᠵᠤ᠂ ᠰᠠᠭᠤᠭᠠᠯᠢ ᠠᠷᠠᠳ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠥᠷᠥᠯ ᠵᠦᠢᠯ᠂ ᠬᠠᠶᠠᠵᠤ ᠭᠡᠭᠡᠬᠦ ᠬᠡᠯᠪᠡᠷᠢ ᠵᠢᠴᠢ ᠬᠤᠣᠷ ᠲᠠᠢ ᠬᠤᠭ ᠨᠣᠪᠰᠢ ᠶᠢ ᠰᠢᠢᠳᠪᠦᠷᠢᠯᠡᠬᠦ ᠠᠷᠭ᠎ᠠ ᠶᠢ ᠨᠠᠷᠢᠯᠢᠭ ᠲᠠᠶᠢᠯᠪᠤᠷᠢᠯᠠᠵᠠᠢ᠃ ᠨᠢᠭᠤᠷᠳᠠᠨ ᠶᠠᠷᠢᠯᠴᠠᠬᠤ ᠮᠠᠶ᠋ᠢᠭ ᠢᠶᠠᠷ ᠰᠠᠭᠤᠭᠠᠯᠢ ᠠᠷᠠᠳ ᠤᠨ ᠥᠪᠡᠷ ᠤᠨ ᠪᠡᠶ᠎ᠡ ᠠᠴᠠ ᠪᠠᠨ ᠡᠬᠢᠯᠡᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠠᠷᠢᠮᠲᠠᠯᠠᠬᠤ ᠶᠢᠨ ᠬᠠᠮᠲᠤ ᠬᠠᠵᠠᠭᠤᠳᠠᠭᠢ ᠬᠥᠮᠥᠰ ᠢᠶᠠᠨ ᠳᠠᠶᠢᠴᠢᠯᠠᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠣᠷᠣᠯᠴᠠᠭᠤᠯᠬᠤ ᠶᠢ ᠵᠣᠷᠢᠭᠵᠢᠭᠤᠯᠵᠠᠢ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号