ᠬᠥᠬᠡᠬᠤᠲᠠ ᠶᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠦᠯᠢᠶᠣᠣ ᠪᠦᠷᠬᠦᠪᠴᠢ ᠶᠢ | ᠬᠤᠷᠢᠶᠠᠨ ᠠᠪᠬᠤ ᠠᠬᠤᠢ ᠲᠠᠯᠠᠪᠠᠢ ᠶᠢᠨ ᠬᠤᠷᠠᠯ ᠵᠢᠴᠢ ᠨᠠᠮᠤᠷ ᠡᠪᠦᠯ ᠤᠨ ᠤᠯᠠᠷᠢᠯ ᠤᠨ ᠭᠠᠵᠠᠷ ᠰᠢᠷᠣᠢ ᠶᠢ | ᠳᠡᠭᠰᠢᠯᠡᠬᠦ ︽ᠬᠠᠮᠲᠤᠷᠠᠭᠰᠠᠨ ᠶᠡᠭᠡ ᠳᠠᠶᠢᠯᠠᠯᠳᠤᠭᠠᠨ︾ ᠤ ᠡᠬᠢᠯᠡᠯᠲᠡ ᠶᠢᠨ ᠶᠣᠰᠣᠯᠠᠯ 10 ᠰᠠᠷ᠎ᠠ ᠶᠢᠨ 18 ᠤ ᠡᠳᠦᠷ | ᠬᠤᠷᠢᠨᠬᠡᠷ ᠰᠢᠶᠠᠨ ᠳᠤ ᠶᠠᠪᠣᠭᠳᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ | ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ | ᠶᠠᠩ ᠵᠢᠶᠧ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ | ᠬᠡᠷ ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠬᠤᠤ ᠶᠢᠩ ᠠᠵᠢᠯᠯᠠᠭ᠎ᠠ ᠳᠤ ᠣᠷᠣᠯᠴᠠᠭᠰᠠᠨ | ᠪᠦᠬᠡᠳ ᠲᠤᠰ ᠡᠳᠦᠷ᠂ ᠬᠤᠷᠠᠯ ᠳᠤ ᠣᠷᠣᠯᠴᠠᠭᠰᠠᠳ ᠬᠤᠷᠢᠨᠬᠡᠷ ᠰᠢᠶᠠᠨ ᠳᠤ ᠬᠦᠬᠡᠬᠤᠲᠡ ᠶᠢᠨ ᠨᠠᠮᠤᠷ ᠡᠪᠦᠯ ᠤᠨ | ᠤᠯᠠᠷᠢᠯ ᠤᠨ ᠭᠠᠵᠠᠷ ᠰᠢᠷᠣᠢ ᠶᠢ ᠳᠡᠭᠰᠢᠯᠡᠬᠦ ︽ᠬᠠᠮᠲᠤᠷᠠᠭᠰᠠᠨ ᠶᠡᠭᠡ ᠲᠠᠶᠢᠯᠠᠯᠳᠤᠭᠠᠨ︾ ᠢ ᠡᠬᠢᠯᠡᠭᠦᠯᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠳ᠋ᠦᠩᠨᠡᠯᠲᠡ ᠶᠢᠨ ᠬᠤᠷᠠᠯ ᠳᠡᠭᠡᠷ᠎ᠡ | ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ | ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠵᠢᠴᠢ ᠭᠠᠵᠠᠷ | ᠰᠢᠷᠣᠶ ᠶᠢ ᠳᠡᠭᠰᠢᠯᠡᠬᠦ ᠠᠵᠢᠯ ᠢ ᠰᠠᠶᠢᠲᠤᠷ ᠬᠢᠬᠦ ᠶᠢᠨ ᠬᠠᠲᠠᠭᠤ ᠪᠡᠷᠬᠡ ᠴᠢᠨᠠᠷ ᠢ ᠬᠦᠢᠴᠡᠳ ᠲᠠᠨᠢᠬᠤ ᠬᠡᠷᠡᠭᠲᠡᠶ᠃ | ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠡᠯ᠎ᠡ ᠵᠣᠶᠢᠯ ᠤᠨ ᠠᠵᠢᠯ ᠢ ᠯᠠᠪᠳᠠᠭᠤᠨ | ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃ ︽ᠠᠵᠤ ᠠᠬᠤᠶᠢᠯᠠᠯ ᠢ ᠣᠷᠣᠭᠤᠯᠵᠤ ᠢᠷᠡᠬᠦ︾᠂ ︽ | ᠮᠡᠷᠭᠡᠵᠢᠯ ᠤᠨ ᠰᠢᠨ᠎ᠡ ᠶᠢ ᠡᠭᠦᠳᠬᠦ︾᠂ ︽ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ︾᠂ ︽ᠶᠡᠷᠦᠩᠬᠡᠶᠢᠯᠡᠨ | ᠵᠠᠰᠠᠬᠤ︾ ᠠᠵᠢᠯ ᠢ ᠠᠳᠬᠤᠵᠣ᠂ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠦᠨᠡᠨᠬᠦ | ᠲᠡᠭᠡᠭᠰᠢᠯᠡᠬᠦᠯᠬᠦ ᠬᠡᠷᠡᠭᠲᠠᠢ᠃ ᠰᠦᠯᠢᠶᠣᠣ ᠪᠦᠷᠬᠦᠪᠴᠢ ᠶᠢᠨ ᠪᠦᠷᠬᠦᠯᠲᠡ ᠶᠢ ᠪᠠᠭᠠᠰᠬᠠᠬᠤ᠂ ᠰᠦᠯᠢᠶᠣᠣ | ᠪᠦᠷᠬᠦᠪᠴᠢ ᠶᠢᠨ ᠪᠦᠲᠦᠭᠡᠭᠳᠡᠬᠦᠨ ᠢ ᠪᠠᠷᠢᠮᠵᠢᠶᠠᠵᠢᠭᠤᠯᠬᠤ᠂ ᠰᠦᠯᠢᠶᠣᠣ ᠪᠦᠷᠬᠦᠪᠴᠢ ᠶᠢ ᠴᠤᠭᠯᠠᠭᠤᠯᠬᠤ᠂ | ᠮᠧᠬᠠᠨᠢᠭᠵᠢᠭᠤᠯᠬᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ᠂ ᠲᠤᠰᠬᠠᠶᠢᠵᠢᠭᠤᠯᠬᠤ ᠶᠢ ᠠᠬᠢᠭᠤᠯᠬᠤ | ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠯᠠᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠳᠤ | ᠣᠬᠠᠮᠰᠠᠷ ᠠᠴᠠ ᠨᠢ ᠣᠷᠣᠯᠴᠠᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠬᠢᠷᠢ ᠬᠡᠮᠵᠢᠶ᠎ᠡ ᠶᠢ | ᠪᠦᠲᠦᠮᠵᠢᠲᠡᠶ ᠪᠠᠷ ᠲᠡᠭᠡᠭᠰᠢᠯᠡᠬᠦᠯᠬᠦ ᠬᠡᠷᠡᠭᠲᠠᠢ᠃ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠠᠬᠢᠴᠠ ᠶᠢ | ᠲᠦᠷᠭᠡᠳᠬᠡᠵᠦ᠂ ᠪᠠᠷᠢᠮᠵᠢᠶ᠎ᠠ ᠶᠢ ᠵᠢᠷᠤᠮᠵᠢᠭᠤᠯᠵᠤ᠂ ᠭᠠᠵᠠᠷ ᠰᠢᠷᠣᠶ ᠶᠢ ᠳᠡᠭᠰᠢᠯᠡᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ ᠭᠡᠪᠡ ᠃ | ᠵᠠᠩ ᠪᠠᠢ ᠴᠧᠩ᠄ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠬᠤᠲᠠ ᠶᠢᠨ | ᠱᠠᠲᠤᠨ ᠤ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠬᠢᠵᠦ᠂ ᠬᠤᠰᠢᠭᠤ ᠰᠢᠶᠠᠨ ᠲᠣᠭᠤᠷᠢᠭ ᠬᠡᠷᠡᠭᠵᠢᠭᠦᠯᠬᠦ | ᠭᠤᠤᠯ ᠴᠣᠭᠴᠠ ᠪᠣᠯᠤᠭᠰᠠᠨ ᠤ ᠬᠤᠪᠢ ᠳᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠨ ᠠᠳᠬᠤᠬᠤ ᠦᠢᠯᠡᠳᠤᠯ ᠢᠶᠠᠨ | ᠰᠠᠶᠢᠲᠤᠷ ᠪᠠᠳᠠᠷᠠᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠴᠢᠳᠠᠪᠬᠢ ᠶᠢᠨ ᠦᠢᠯᠡᠳᠤᠯ ᠢᠶᠠᠨ | ᠰᠠᠶᠢᠲᠤᠷ ᠪᠠᠳᠠᠷᠠᠭᠤᠯᠵᠤ᠂ ᠨᠢᠭᠲᠠ ᠬᠠᠮᠵᠢᠯᠴᠠᠵᠤ᠂ ᠡᠯ᠎ᠡ ᠵᠥᠢᠯ ᠤᠨ ᠠᠵᠢᠯ ᠵᠢᠱᠢᠭᠰᠡᠨ ᠦᠷ᠎ᠡ ᠪᠦᠲᠦᠮᠵᠢ ᠤᠯᠬᠤ | ᠶᠢ ᠦᠨᠡᠨᠬᠦ ᠪᠠᠲᠤᠯᠠᠬᠤ ᠬᠡᠷᠡᠭᠲᠡᠶ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠾᠧ ᠬᠠᠶ ᠳ᠋ᠦᠩ ᠬᠤᠷᠢᠨᠬᠡᠷ ᠰᠢᠶᠠᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠦᠯᠢᠶᠣᠣ | ᠪᠦᠷᠬᠦᠪᠴᠢ ᠶᠢ ᠬᠤᠷᠢᠶᠠᠨ ᠠᠪᠬᠤ ᠠᠵᠢᠯ ᠢ ᠥᠷᠨᠢᠭᠦᠯᠦᠭᠰᠡᠨ ᠪᠠᠶᠢᠳᠠᠯ ᠢ ᠦᠨᠡᠯᠡᠪᠡ᠃ ︵ᠰᠤᠷᠪᠤᠯᠵᠢᠯᠠᠭᠴᠢ | ᠹᠧᠩ ᠶᠠᠨ ᠫᠢᠩ︶ | | | http://mongol.people.com.cn/15827067.html |