ᠬᠦᠬᠡᠬᠤᠲᠠ ᠶᠢᠨ ᠨᠡᠬᠦᠯᠭᠡᠵᠦ ᠲᠦᠪᠬᠢᠨᠡᠬᠦᠯᠦᠭᠰᠡᠨ 22 ᠴᠢᠭ᠋ ᠲᠤ ᠴᠦᠮ ᠪᠠᠷᠢᠮᠵᠢᠶ᠎ᠠ ᠳᠤ ᠬᠦᠷᠦᠭᠰᠡᠨ ᠡᠷᠡᠬᠦᠯ ᠬᠠᠮᠠᠭᠠᠯᠠᠯ ᠤᠨ ᠦᠷᠦᠭᠡ ᠪᠠᠶᠢᠭᠤᠯᠵᠤ ᠦᠭᠪᠡ
ᠨᠡᠶᠢᠲᠡᠯᠡᠭᠰᠡᠨ ᠴᠠᠭ᠄
2020/10/21
      ᠬᠦᠬᠡᠬᠤᠲᠠ ᠶᠢᠨ ᠡᠲᠦᠷ ᠤᠨ ᠰᠤᠨᠢᠨ ᠤ ᠮᠡᠲᠡᠭᠡ ︵ᠰᠤᠷᠪᠤᠯᠵᠢᠯᠠᠭᠴᠢ ᠯᠢᠶᠠᠩ ᠵᠢᠩ ᠮᠸᠢ︶  ᠰᠤᠷᠪᠤᠯᠵᠢᠯᠠᠭᠴᠢ ᠬᠦᠬᠡᠬᠤᠲᠠ ᠶᠢᠨ ᠡᠷᠡᠬᠦᠯ ᠬᠠᠮᠠᠭᠠᠯᠠᠯ ᠪᠡ ᠡᠷᠡᠬᠦᠯ ᠮᠡᠨᠲᠦ ᠶᠢᠨ ᠵᠦᠪᠯᠡᠯ ᠠᠴᠠ ᠤᠶᠢᠯᠠᠭᠠᠵᠤ ᠮᠡᠲᠡᠭᠰᠡᠨ ᠢᠶᠠᠷ᠂ ᠬᠦᠬᠡᠬᠤᠲᠠ ᠳᠤ ᠶᠠᠲᠠᠭᠤ ᠠᠴᠠ ᠠᠩᠭᠢᠵᠢᠷᠠᠭᠤᠯᠬᠤ ᠪᠠᠷ ᠤᠨᠳᠤᠤ ᠭᠠᠵᠠᠷ ᠨᠡᠬᠦᠯᠭᠡᠵᠦ ᠲᠦᠪᠬᠢᠨᠡᠬᠦᠯᠦᠭᠰᠡᠨ 22 ᠴᠢᠭ᠋ ᠪᠤᠢ᠂ ᠡᠬᠦᠨ ᠳᠤ᠂ ᠬᠤᠷᠢᠨᠭᠡᠷ ᠰᠢᠶᠠᠨ ᠳᠤ 11᠂  ᠴᠢᠩ ᠱᠦᠢ ᠾᠧ ᠰᠢᠶᠠᠨ  ᠳᠤ 11 ᠪᠠᠶᠢᠨ᠎ᠠ᠃ ᠶᠠᠲᠠᠭᠤ ᠠᠴᠠ ᠠᠩᠭᠢᠵᠢᠷᠠᠭᠤᠯᠬᠤ ᠪᠠᠷ ᠨᠡᠬᠦᠯᠭᠡᠵᠦ ᠲᠦᠪᠬᠢᠨᠡᠬᠦᠯᠦᠭᠰᠡᠨ ᠤ ᠤᠶᠢᠷ᠎ᠠ ᠲᠦᠰᠦᠷ  ᠲᠤ ᠡᠪᠡᠳᠴᠢᠨ ᠦᠵᠡᠬᠦᠯᠬᠦ ᠳᠤᠨᠢ ᠲᠦᠬᠦᠮ ᠦᠵᠡᠬᠦᠯᠬᠦ ᠶᠢᠨ ᠲᠦᠯᠦᠭᠡ᠂ ᠬᠦᠬᠡᠬᠤᠲᠠ ᠶᠢᠨ ᠡᠷᠡᠬᠦᠯ ᠬᠠᠮᠠᠭᠠᠯᠠᠯ ᠪᠡ ᠡᠷᠡᠬᠦᠯ ᠮᠡᠨᠲᠦ ᠶᠢᠨ ᠵᠦᠪᠯᠡᠯ ᠠᠴᠠ ᠨᠡᠬᠦᠯᠭᠡᠵᠦ ᠲᠦᠪᠬᠢᠨᠡᠬᠦᠯᠦᠭᠰᠡᠨ ᠴᠢᠭ᠋ ᠪᠦᠷᠢ ᠳᠤ ᠴᠦᠮ ᠪᠠᠷᠢᠮᠵᠢᠶ᠎ᠠ ᠳᠤ ᠬᠦᠷᠦᠭᠰᠡᠨ ᠡᠷᠡᠬᠦᠯ ᠬᠠᠮᠠᠭᠠᠯᠠᠯ ᠤᠨ ᠦᠷᠦᠭᠡ ᠪᠠᠶᠢᠭᠤᠯᠤᠨ ᠦᠭᠴᠦ᠂ ᠬᠢᠷᠢ ᠲᠡᠩᠴᠡᠭᠰᠡᠨ  ᠬᠦᠲᠡᠭᠡ ᠲᠤᠰᠬᠤᠨ  ᠳᠤ ᠡᠮᠴᠢ ᠲᠤᠬᠢᠷᠠᠭᠤᠯᠤᠬᠰᠠᠨ ᠪᠦᠭᠡᠳ ᠪᠠᠰᠠ ᠫᠠᠶᠢᠰᠠ ᠢᠯᠡᠷᠬᠡᠶᠢᠯᠡᠯ ᠢ  ᠵᠢᠷᠤᠮᠵᠢᠭᠤᠯᠤᠨ᠂ ᠡᠷᠡᠬᠦᠯ ᠡᠩᠬᠡ ᠪᠠᠷ ᠶᠠᠲᠠᠭᠤ ᠶᠢ ᠲᠡᠳᠬᠦᠬᠦ ᠰᠤᠷᠲᠠᠯᠴᠢᠯᠠᠭ᠎ᠠ ᠤᠬᠠᠭᠤᠯᠤᠯ ᠤᠨ ᠰᠠᠮᠪᠠᠷ᠎ᠠ ᠭᠠᠷᠭᠠᠵᠤ᠂ ᠡᠮ ᠲᠠᠩ ᠬᠦᠷᠦᠯᠴᠡᠬᠦᠰᠢᠲᠡᠢ ᠪᠠᠶᠢᠬᠤ ᠶᠢ ᠪᠠᠳᠤᠯᠠᠨ᠂ ᠡᠬᠦᠲᠡᠨ ᠳᠡᠭᠡᠨ ᠡᠪᠡᠳᠴᠢᠨ ᠢᠶᠠᠨ ᠦᠵᠡᠬᠦᠯᠵᠦ ᠡᠮ ᠲᠠᠩ ᠬᠤᠲᠠᠯᠳᠤᠨ ᠠᠪᠴᠤ ᠴᠢᠲᠠᠬᠤ ᠪᠤᠯᠭᠠᠵᠤ᠂ ᠡᠮᠨᠡᠯᠭᠡ ᠡᠷᠡᠬᠦᠯ ᠬᠠᠮᠠᠭᠠᠯᠠᠯ ᠤᠨ ︽ᠬᠤᠭᠤᠰᠤᠨ ᠴᠢᠭ᠋︾ ᠡᠬᠦᠰᠬᠦ   ᠶᠢ ᠬᠤᠷᠢᠬᠯᠠᠵᠤ᠂ ᠨᠡᠬᠦᠯᠭᠡᠵᠦ ᠲᠦᠪᠬᠢᠨᠡᠬᠦᠯᠦᠭᠰᠡᠳ ᠤᠨ ᠡᠮᠨᠡᠬᠦᠯᠵᠦ ᠵᠠᠰᠠᠭᠤᠯᠬᠤ ᠬᠡᠷᠡᠭᠴᠡᠭᠡ ᠶᠢ ᠬᠠᠩᠭᠠᠵᠠᠢ᠃  ᠡᠬᠦᠨ ᠤ ᠵᠡᠷᠭᠡᠲᠡ᠂ ︽ᠨᠡᠬᠦᠯᠭᠡᠵᠦ ᠭᠠᠷᠭᠠᠬᠰᠠᠨ ᠭᠠᠵᠠᠷ ᠤᠨ ᠬᠢᠨ ᠮᠦᠷᠲᠡᠨ ᠬᠠᠮᠢᠶᠠᠷᠤᠯᠲᠠ ᠬᠢᠵᠤ᠂ ᠨᠡᠬᠦᠯᠭᠡᠵᠦ ᠤᠷᠤᠭᠤᠯᠤᠬᠰᠠᠨ ᠭᠠᠵᠠᠷ  ᠤᠨ ᠬᠢᠨ ᠪᠠᠶᠢᠲᠠᠯ ᠢ ᠤᠶᠢᠯᠠᠭᠠᠨ ᠬᠠᠮᠢᠶᠠᠷᠬᠤ︾ ᠵᠠᠬᠪᠤᠷ ᠢ ᠬᠡᠷᠡᠭᠯᠡᠵᠦ᠂ ᠨᠡᠬᠦᠯᠭᠡᠵᠦ ᠲᠦᠪᠬᠢᠨᠡᠬᠦᠯᠦᠭᠰᠡᠳ ᠢ ᠨᠢᠭᠡ ᠴᠤ ᠤᠷᠬᠢᠭᠲᠠᠭᠤᠯᠤᠯ ᠦᠭᠡᠢ ᠪᠠᠷ ᠡᠮᠨᠡᠵᠤ ᠵᠠᠰᠠᠬᠤ ᠦᠢᠯᠡᠴᠢᠯᠡᠭᠡ ᠤᠯᠵᠤ ᠬᠦᠷᠲᠡᠬᠦ ᠶᠢ ᠪᠠᠳᠤᠯᠠᠵᠠᠢ᠃     ᠨᠡᠬᠦᠯᠭᠡᠵᠦ ᠲᠦᠪᠬᠢᠨᠡᠬᠦᠯᠦᠭᠰᠡᠨ ᠤᠯᠠᠨ ᠲᠦᠮᠡᠨ ᠳᠤ ᠴᠢᠭᠯᠡᠬᠦᠯᠦᠨ ᠭᠡᠷᠡᠲᠤ ᠬᠠᠮᠢᠶᠠᠷᠤᠯᠲᠠ ᠪᠠ  ᠦᠢᠯᠡᠴᠢᠯᠡᠭᠡ ᠬᠢᠵᠤ᠂ ᠰᠢᠶᠠᠨ᠂ ᠰᠢᠶᠠᠩ᠂ ᠲᠤᠰᠬᠤᠨ ᠤ ᠱᠠᠳᠤᠨ ᠤ ᠡᠮᠴᠢ ᠪᠠᠷ ᠪᠦᠷᠢᠯᠲᠦᠭᠰᠡᠨ ᠭᠡᠷ ᠪᠦᠯᠢ ᠶᠢᠨ  ᠡᠮᠴᠢ ᠶᠢᠨ ᠭᠡᠷ᠎ᠡ ᠲᠣᠭᠳᠠᠬᠤ ᠪᠦᠯᠬᠦᠮ ᠠᠩᠬᠢ ᠨᠢ ︽ᠭᠡᠷ᠎ᠡ ᠲᠤᠭᠲᠠᠪᠠᠯ ᠵᠤᠬᠢᠬᠤ ᠶᠢ ᠨᠢ ᠠᠯᠢ ᠴᠢᠲᠠᠬᠤ ᠪᠠᠷ ᠭᠡᠷ᠎ᠡ ᠲᠤᠭᠲᠠᠨ᠂ ᠨᠢᠭᠡᠨ ᠲᠠᠢ ᠨᠢ ᠲᠤᠭᠲᠠᠪᠠᠯ ᠨᠢᠭᠡᠨ ᠲᠠᠢ ᠨᠢ ᠭᠡᠷ᠎ᠡ ᠪᠠᠨ ᠬᠡᠷᠡᠭᠵᠢᠬᠦᠯᠵᠦ᠂ ᠭᠡᠷ᠎ᠡ ᠪᠠᠨ ᠨᠠᠶᠢᠲᠠᠪᠤᠷᠢᠵᠢᠭᠤᠯᠬᠤ︾ ᠵᠠᠷᠴᠢᠮ ᠢᠶᠠᠷ᠂ ᠤᠨᠳᠤᠤ ᠭᠠᠵᠠᠷ ᠨᠡᠬᠦᠯᠭᠡᠵᠦ ᠠᠪᠠᠴᠢᠬᠰᠠᠨ ᠶᠠᠲᠠᠭᠤ ᠬᠦᠮᠦᠰ ᠲᠤ ᠡᠩ  ᠤᠨ ᠡᠪᠡᠳᠴᠢᠨ᠂ ᠤᠯᠠᠨᠲᠠ ᠡᠬᠦᠰᠲᠡᠭ ᠡᠪᠡᠳᠴᠢᠨ ᠢ ᠪᠠᠭᠲᠠᠭᠠᠬᠰᠠᠨ ᠤᠨᠤᠰᠢᠯᠭ᠎ᠠ᠂ ᠰᠤᠪᠢᠯᠠᠯᠲᠠ᠂ ᠲᠤᠬᠠᠢ ᠲᠠᠯᠠᠪᠠᠢ ᠶᠢᠨ ᠪᠠᠴᠢᠮ ᠠᠪᠤᠷᠠᠯᠲᠠ᠂ ᠡᠮᠨᠡᠯᠭᠡ ᠳᠤ ᠰᠢᠯᠵᠢᠬᠦᠯᠬᠦ᠂ ᠠᠰᠠᠭᠤᠵᠤ ᠯᠠᠪᠯᠠᠬᠤ᠂ ᠡᠷᠡᠭᠦᠯᠵᠢᠭᠦᠯᠬᠦ ᠡᠮᠴᠢᠯᠡᠭᠡ ᠂ ᠭᠡᠷ ᠪᠦᠯᠢ ᠳᠤᠨᠢ ᠤᠴᠢᠵᠤ ᠡᠮᠨᠡᠬᠦ᠂ ᠭᠡᠷ ᠪᠦᠯᠢ ᠳᠤᠨᠢ ᠤᠴᠢᠵᠤ ᠰᠤᠪᠢᠯᠠᠬᠤ᠂ ᠡᠮᠨᠡᠯᠭᠡ ᠶᠢᠨ  ᠲᠠᠭᠠᠳᠬᠠᠯ ᠤᠨ ᠲᠠᠩᠰᠠ ᠠᠴᠠ ᠴᠠᠶᠢᠷᠠᠭᠤᠯᠬᠤ᠂ ᠲᠦᠯᠦᠪᠦᠷᠢ ᠦᠬᠡᠢ ᠪᠠᠷ ᠤᠲᠠᠰᠤ ᠪᠠᠷ ᠡᠷᠡᠬᠦᠯ ᠡᠩᠬᠡ ᠶᠢᠨ  ᠵᠦᠪᠯᠡᠯᠭᠡ ᠦᠭᠬᠦ᠂ ᠰᠡᠷᠭᠡᠶᠢᠯᠡᠯᠲᠡ᠂ ᠡᠷᠡᠬᠦᠯᠵᠢᠯ ᠵᠡᠷᠭᠡ ᠡᠷᠡᠬᠦᠯ ᠮᠡᠨᠳᠦ ᠶᠢᠨ ᠠᠰᠠᠭᠤᠲᠠᠯ ᠤᠨ ᠦᠢᠯᠡᠴᠢᠯᠡᠭᠡ  ᠬᠠᠩᠭᠠᠵᠠᠢ᠃ ᠡᠬᠦᠨ ᠤ ᠵᠡᠷᠭᠡᠲᠡ᠂ ᠲᠠᠩᠰᠠ ᠵᠤᠬᠢᠶᠠᠵᠤ ᠺᠠᠷᠲ ᠪᠠᠶᠢᠭᠤᠯᠤᠬᠰᠠᠨ ᠶᠠᠲᠠᠭᠤ ᠡᠷᠦᠬᠡ ᠳᠤ ᠡᠷᠡᠬᠦᠯ ᠮᠡᠨᠳᠦ ᠪᠠᠷ ᠶᠠᠲᠠᠭᠤ ᠠᠴᠠ ᠠᠩᠭᠢᠵᠢᠷᠠᠭᠤᠯᠬᠤ ᠲᠦᠷᠦ ᠶᠢᠨ ᠪᠤᠲᠤᠯᠭ᠎ᠠ ᠶᠢ ᠰᠤᠷᠲᠠᠯᠴᠢᠯᠠᠨ ᠤᠬᠠᠭᠤᠯᠵᠤ᠂ ᠡᠮᠨᠡᠨ ᠵᠠᠰᠠᠬᠤ ᠰᠠᠨᠠᠭᠠᠴᠢᠯᠠᠭ᠎ᠠ ᠪᠠ ᠡᠷᠡᠬᠦᠯᠵᠢᠯ ᠤᠨ ᠵᠢᠭᠠᠨ ᠵᠢᠯᠤᠭᠤᠳᠬᠤ ᠰᠠᠨᠠᠯ ᠦᠭᠭᠦᠨ᠎ᠡ᠃ ᠤᠭ ᠤᠨ  ᠠᠩᠬᠠᠳᠠᠬᠴᠢ ᠴᠢᠨᠠᠷ ᠤᠨ ᠴᠢᠰᠤᠨ ᠲᠠᠷᠤᠯᠲᠠ ᠦᠨᠲᠦᠷ᠂ Ⅱ ᠬᠡᠯᠪᠡᠷᠢ ᠶᠢᠨ ᠰᠢᠬᠢᠷ ᠰᠢᠵᠢᠩ ᠡᠪᠡᠳᠴᠢᠨ᠂  ᠠᠭᠤᠰᠬᠢᠨ ᠰᠦᠷᠢᠶ᠎ᠠ᠂ ᠬᠦᠨᠳᠤ ᠨᠤᠴᠢᠲᠠᠢ ᠤᠶᠤᠨ ᠮᠡᠲᠡᠷᠡᠯ ᠤᠨ ᠭᠠᠵᠢᠭ ᠵᠡᠷᠭᠡ 4 ᠵᠦᠢᠯ ᠤᠨ ᠡᠪᠡᠳᠴᠢᠨ ᠲᠠᠢ ᠶᠠᠲᠠᠭᠤ ᠬᠦᠮᠦᠰ ᠲᠤ ᠤᠵᠢᠭ ᠴᠢᠨᠠᠷᠲᠠᠢ ᠡᠪᠡᠳᠴᠢᠲᠡᠨ ᠤ ᠬᠠᠮᠢᠶᠠᠷᠤᠯᠲᠠ ᠶᠢᠨ ᠦᠢᠯᠡᠴᠢᠯᠡᠭᠡ ᠤᠨ ᠭᠡᠷ᠎ᠡ  ᠲᠤᠬᠲᠠᠵᠤ᠂ ᠵᠢᠯ ᠪᠦᠷᠢ 4 ᠤᠲᠠᠭ᠎ᠠ  ᠠᠴᠠ ᠲᠤᠷᠤᠬᠰᠢ ᠪᠤᠰᠤ ᠰᠤᠷᠪᠤᠯᠵᠢᠯᠠᠭ᠎ᠠ ᠬᠢᠨ᠎ᠡ︔ ᠲᠠᠷᠢᠬᠢᠨ ᠤ   ᠴᠢᠰᠤᠨ ᠰᠤᠲᠠᠯ᠂ ᠵᠢᠷᠦᠬᠡᠨ ᠲᠢᠲᠢᠮ ᠤᠨ  ᠡᠪᠡᠳᠴᠢᠨ᠂ ᠤᠵᠢᠭ ᠴᠢᠨᠠᠷᠲᠠᠢ ᠠᠭᠤᠰᠬᠢᠨ ᠡᠪᠡᠳᠴᠢᠨ᠂ ᠬᠦᠨᠲᠦ ᠴᠢᠨᠠᠷᠲᠠᠢ ᠨᠠᠰᠤᠲᠠᠶᠢᠴᠤᠳ ᠤᠨ ᠮᠦᠭᠡᠷᠡᠰᠦᠨ ᠬᠤᠭᠤᠯᠠᠢ ᠶᠢᠨ ᠦᠷᠪᠢᠰᠦᠯ᠂ ᠬᠡᠷᠡᠭᠦᠯᠢᠭ ᠦᠶ᠎ᠡ ᠭᠡᠰᠢᠬᠦᠨ ᠤ  ᠦᠷᠪᠢᠰᠦᠯ᠂ ᠶᠠᠰᠤᠨ ᠤᠨ ᠦᠶ᠎ᠡ ᠭᠡᠰᠢᠬᠦᠨ ᠤ ᠦᠷᠪᠢᠰᠦᠯ ᠵᠡᠷᠭᠡ 6 ᠵᠦᠢᠯ ᠤᠨ ᠡᠪᠡᠳᠴᠢᠨ ᠳᠤ ᠨᠡᠷᠪᠡᠭᠲᠡᠭᠰᠡᠨ ᠶᠠᠲᠠᠭᠤ ᠡᠪᠡᠳᠴᠢᠲᠡᠨ ᠳᠤ ᠡᠷᠡᠬᠦᠯ ᠮᠡᠨᠳᠤ   ᠶᠢᠨ ᠬᠦᠮᠦᠵᠢᠯ ᠤᠨ ᠵᠤᠷ ᠬᠢᠵᠦ ᠦᠭᠴᠤ᠂ ᠵᠢᠯ ᠪᠦᠷᠢ ᠨᠢᠭᠡ ᠤᠲᠠᠭ᠎ᠠ ᠰᠤᠷᠪᠤᠯᠵᠢᠯᠠᠵᠤ᠂ ᠡᠮᠴᠢᠯᠡᠬᠦ ᠭᠡᠷ᠂ ᠤᠳᠠᠰᠤ᠂ ᠡᠬᠦᠲᠡᠨ ᠳᠤᠨᠢ ᠤᠴᠢᠵᠤ ᠠᠰᠠᠭᠤᠵᠤ ᠰᠤᠷᠪᠤᠯᠵᠢᠯᠠᠬᠤ ᠠᠷᠭ᠎ᠠ ᠪᠠᠷ ᠡᠷᠡᠬᠦᠯ ᠴᠢᠬᠢᠷᠠᠭ ᠤᠨ ᠪᠠᠶᠢᠲᠠᠯ ᠢ ᠨᠢ ᠠᠰᠠᠭᠤᠨ ᠠᠩᠬᠠᠷᠴᠤ᠂ ᠡᠷᠡᠬᠦᠯ ᠮᠡᠨᠲᠦ ᠠᠮᠢᠲᠤᠷᠠᠯ ᠤᠨ ᠠᠷᠭ᠎ᠠ ᠬᠡᠮᠵᠢᠶ᠎ᠠ ᠪᠠ ᠡᠮᠨᠡᠨ ᠵᠠᠰᠠᠬᠤ ᠲᠦᠰᠦᠪ ᠲᠤᠭᠲᠠᠭᠠᠵᠤ ᠦᠭᠭᠦᠨ᠎ᠡ᠃ ᠲᠦᠪᠡᠭ ᠲᠠᠢ᠂  ᠪᠠᠴᠢᠮ ᠪᠤᠶᠤ ᠬᠦᠨᠲᠦ ᠡᠪᠡᠳᠴᠢᠲᠡᠨ ᠳᠤ ᠪᠤᠯ ᠲᠡᠭᠡᠲᠦ ᠱᠠᠳᠤᠨ ᠤ ᠡᠮᠨᠡᠯᠭᠡ ᠵᠡᠷᠭᠡ ᠲᠤᠬᠢᠮᠵᠢᠲᠠᠢ ᠪᠠᠶᠢᠭᠤᠯᠭ᠎ᠠ ᠳᠤ ᠰᠢᠯᠵᠢᠬᠦ ᠰᠠᠨᠠᠭᠤᠯᠭ᠎ᠠ ᠲᠤᠷᠠᠳᠤᠨ᠂ ᠰᠠᠭᠠᠳ ᠦᠭᠡᠢ ᠵᠠᠮ ᠬᠠᠩᠭᠠᠨ᠎ᠠ  ᠃ http://mongol.people.com.cn/15827024.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号