︵ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠶᠠᠩ ᠯᠢ ᠹᠠᠩ︶ ᠰᠤᠷᠪᠤᠯᠵᠢᠯᠠᠭᠴᠢ ᠣᠶᠢᠷ᠎ᠠ ᠳᠤ | ᠪᠡᠭᠡᠵᠢᠩ ᠳᠤ ᠬᠤᠷᠠᠯᠳᠤᠭᠤᠯᠤᠭᠰᠠᠨ ᠦᠴᠤᠸᠠᠨ ᠰᠢᠶᠠᠨ ᠢ ︽ᠨᠣᠬᠠᠶ ᠶᠢᠨ ᠬᠤᠰᠢᠭᠤᠳᠤ ᠨᠤᠲᠤᠭ︾ ᠢᠶᠠᠷ ᠮᠡᠳᠡᠭᠦᠯᠬᠦ | ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠲᠣᠭᠲᠠᠭᠠᠬᠤ ᠬᠤᠷᠠᠯ ᠠᠴᠠ ᠣᠶᠢᠯᠠᠭᠠᠭᠰᠠᠨ ᠢᠶᠠᠷ᠂ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠦᠨᠡᠯᠡᠨ ᠶᠠᠷᠢᠯᠴᠠᠬᠤ ᠪᠠᠷ ᠳᠠᠮᠵᠢᠨ᠂ ᠳᠤᠮᠳᠠᠳᠤ ᠤᠯᠤᠰ ᠤᠨ ᠠᠮᠤ ᠲᠣᠰᠣᠨ ᠤ | ᠰᠢᠨᠵᠢᠯᠡᠭᠡᠨ ᠤ ᠨᠡᠶᠢᠭᠡᠮᠯᠢᠭ ᠠᠴᠠ ᠦᠴᠤᠸᠠᠨ ᠰᠢᠶᠠᠨ ᠢ ︽ᠨᠣᠬᠠᠶ ᠶᠢᠨ ᠬᠤᠰᠢᠭᠤᠳᠤ ᠨᠤᠲᠤᠭ︾ ᠭᠡᠵᠦ | ᠨᠡᠷᠡᠶᠢᠳᠬᠦ ᠶᠢ ᠰᠠᠨᠠᠯ ᠨᠢᠭᠡᠲᠡᠶ ᠵᠥᠪᠰᠢᠶᠡᠷᠡᠵᠦ᠂ ᠡᠳᠦᠷ ᠰᠣᠩᠭᠤᠨ ᠫᠠᠶᠢᠰᠠ ᠤᠯᠭᠤᠬᠤ ᠪᠠᠷ ᠪᠤᠯᠪᠠ ᠃ | ᠦᠴᠤᠸᠠᠨ ᠰᠢᠶᠠᠨ ᠤᠮᠠᠷᠠᠲᠤ ᠥᠷᠭᠡᠷᠢᠭ ᠤᠨ 41- 43° ᠲᠤ ᠪᠠᠶᠢᠷᠢᠯᠠᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ᠂ ᠮᠤᠨᠢ ᠠᠭᠤᠯᠠ ᠶᠢᠨ ᠠᠷᠤ ᠬᠤᠷᠮᠣᠶ ᠳᠤ ᠪᠠᠶᠢᠷᠢᠯᠠᠵᠤ᠂ | ᠬᠦᠬᠡᠬᠤᠲᠡ ᠶᠢᠨ ᠠᠷᠤ ᠴᠡᠴᠡᠷᠯᠢᠭ ᠬᠡᠮᠡᠭᠳᠡᠪᠡ᠃ ᠤᠮᠠᠷᠠᠲᠤ ᠥᠷᠭᠡᠷᠢᠭ ᠤᠨ 41°-43°ᠪᠣᠯ ᠮᠥᠨ ᠴᠦ | ᠳᠡᠯᠡᠬᠡᠶ ᠨᠡᠶᠢᠲᠡ ᠳᠤ ᠮᠡᠳᠡᠷᠡᠭᠳᠡᠭᠰᠡᠨ ᠨᠢᠴᠦᠭᠦᠨ ᠨᠣᠬᠠᠶ ᠶᠢᠨ ᠬᠤᠰᠢᠭᠤ ᠵᠢᠨᠦᠨᠢᠷ ᠤᠷᠭᠤᠯᠲᠠ ᠶᠢᠨ ᠥᠷᠭᠡᠷᠢᠭ | ᠮᠥᠨ ᠪᠠᠶᠢᠵᠦ᠂ ᠦᠴᠤᠸᠠᠨ ᠪᠣᠯ ᠳᠡᠯᠡᠬᠡᠶ ᠶᠢᠨ ᠨᠣᠬᠠᠶ ᠶᠢᠨ ᠬᠤᠰᠢᠭᠤ ᠶᠢᠨ ᠡᠭᠦᠰᠦᠯ ᠤᠨ ᠣᠷᠣᠨ ᠤ ᠨᠢᠭᠡ | ᠪᠣᠯᠤᠨ᠎ᠠ᠃ | 2016 ᠣᠨ ᠳᠤ᠂ ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ︽ | ᠦᠴᠤᠸᠠᠨ ᠤ ᠶᠤᠸᠠᠮᠢᠶᠠᠨ ︵ᠨᠣᠬᠠᠶ ᠶᠢᠨ ᠬᠤᠰᠢᠭᠤ ᠶᠢᠨ ᠪᠦᠲᠦᠭᠡᠭᠳᠡᠬᠦᠨ︶︾ ᠢ ᠭᠠᠵᠠᠷ ᠵᠦᠶ ᠶᠢᠨ ᠢᠮ | ᠲᠡᠮᠳᠡᠭᠲᠦ ᠦᠢᠯᠡᠳᠭᠦᠨ ᠢᠶᠠᠷ ᠵᠥᠪᠰᠢᠶᠡᠷᠡᠵᠦ᠂ ᠣᠳᠣᠬᠠᠨ ᠳᠤ ᠶᠠᠭ ᠤᠯᠤᠰ ᠤᠨ ᠭᠠᠵᠠᠷ ᠵᠦᠶ ᠶᠢᠨ ᠢᠮ | ᠲᠡᠮᠳᠡᠭᠲᠦ ᠦᠢᠯᠡᠳᠭᠦᠨ ᠤ ᠬᠠᠮᠠᠭᠠᠯᠠᠯᠲᠠ ᠶᠢ ᠢᠳᠡᠪᠬᠢᠲᠡᠢ ᠮᠡᠳᠡᠭᠦᠯᠵᠦ ᠪᠠᠶᠢᠨ᠎ᠠ︔ 2019 ᠣᠨ ᠳᠤ᠂ | ᠦᠴᠤᠸᠠᠨ ᠰᠢᠶᠠᠨ ᠶᠠᠳᠠᠭᠤ ᠠᠴᠠ ᠠᠩᠭᠢᠵᠢᠷᠠᠬᠤ ᠳᠤ ᠨᠣᠬᠠᠶ ᠶᠢᠨ ᠬᠤᠰᠢᠭᠤ ᠨᠢ ᠠᠵᠤ ᠦᠢᠯᠡᠰ ᠢᠶᠠᠷ ᠴᠢᠰᠤ | ᠦᠢᠯᠡᠳᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠴᠢᠬᠤᠯᠠ ᠦᠢᠯᠡᠳᠦᠯ ᠦᠵᠡᠭᠦᠯᠪᠡ︔ | 2015 ᠣᠨ ᠳᠤ15 ᠲᠦᠮᠡᠨ ᠮᠦ ᠬᠦᠷᠬᠦ ᠦᠭᠡᠢ ᠪᠠᠶᠢᠭᠰᠠᠨ ᠠᠴᠠ ᠪᠠᠨ 2020 ᠣᠨ ᠪᠣᠯᠬᠤ ᠳᠤ 30 | ᠭᠠᠷᠤᠢ ᠲᠦᠮᠡᠨ ᠮᠥ ᠪᠤᠯᠵᠦ᠂ ᠨᠣᠬᠠᠶ ᠶᠢᠨ ᠬᠤᠰᠢᠭᠤ ᠦᠴᠤᠸᠠᠨ ᠤ ᠡᠬᠡ ᠭᠠᠵᠠᠷ ᠲᠤ ᠪᠦᠷᠬᠦᠵᠦ᠂ ᠨᠣᠬᠠᠶ ᠶᠢᠨ | ᠬᠤᠰᠢᠭᠤ ᠶᠢᠨ ᠬᠦᠴᠦᠷᠬᠡᠭ ᠶᠡᠭᠡ ᠠᠵᠤ ᠦᠢᠯᠡᠰ ᠤᠨ ᠬᠡᠯᠬᠢᠶ᠎ᠡ ᠶᠢ ᠴᠤᠭᠴᠠᠯᠠᠵᠦ᠂ ᠨᠣᠬᠠᠶ ᠶᠢᠨ ᠬᠤᠰᠢᠭᠤ ᠶᠢᠨ | ᠦᠩᠭᠡ ᠢᠯᠭᠠᠷᠠᠭᠰᠠᠨ ᠪᠦᠲᠦᠭᠡᠭᠳᠡᠬᠦᠨ ᠪᠠ ᠰᠣᠶᠣᠯ ᠢ ᠪᠦᠲᠦᠭᠡᠵᠦ ᠪᠠᠢᠨ᠎ᠠ᠃ | ᠪᠠᠶᠢᠭᠠᠯᠢ ᠶᠢᠨ ᠲᠡᠵᠢᠭᠡᠯᠲᠦ ᠭᠠᠵᠠᠷ ᠲᠤ ᠤᠷᠭᠤᠭᠤᠯᠤᠭᠰᠠᠨ ᠦᠴᠤᠸᠠᠨ ᠤ ᠨᠣᠬᠠᠶ ᠶᠢᠨ ᠬᠤᠰᠢᠭᠤ ᠶᠢᠨ | ᠤᠭᠤᠷᠠᠭ ᠪᠠ ᠺᠠᠯᠼ᠂ ᠹᠣᠰᠹᠣᠷ᠂ ᠲᠡᠮᠦᠷ᠂ ᠪᠥᠭᠡᠮ ᠤᠨ ᠰᠢᠷ᠎ᠠ ᠡᠳ᠋ ᠵᠡᠷᠭᠡ ᠰᠢᠮ᠎ᠡ ᠲᠡᠵᠢᠭᠡᠯᠲᠦ ᠪᠣᠳᠠᠰ ᠤᠨ | ᠠᠭᠤᠯᠤᠭᠳᠠᠴᠠ ᠨᠢ ᠴᠥᠮ ᠪᠤᠰᠤᠳ ᠲᠠᠷᠢᠮᠠᠯ ᠠᠴᠠ ᠥᠨᠳᠥᠷ ᠪᠠᠶᠢᠳᠠᠭ᠃ ᠲᠡᠷᠡᠴᠢᠯᠡᠨ ᠰᠢᠪᠲᠦᠷᠲᠦ ᠬᠦᠴᠢᠯ ᠤᠨ | ᠬᠠᠷᠢᠴᠠᠯ ᠨᠢ ᠲᠡᠩᠴᠡᠭᠦᠷᠢᠲᠡᠶ ᠪᠠᠶᠢᠳᠠᠭ᠃ ᠣᠨᠴᠠᠭᠠᠶᠢᠯᠠᠨ ᠯᠢᠰᠢᠨ ᠬᠦᠴᠢᠯ ᠤᠨ ᠠᠭᠤᠯᠤᠭᠳᠠᠴᠠ ᠥᠨᠳᠥᠷ᠂ ᠪᠦᠬᠦ | ᠤᠭᠤᠷᠠᠭ ᠤᠨ 37% ᠳᠤ ᠬᠦᠷᠴᠤ᠂ ᠪᠤᠭᠤᠳᠠᠢ᠂ ᠡᠷᠳᠡᠨᠢ ᠰᠢᠰᠢ ᠵᠡᠷᠭᠡ ᠠᠴᠠ ᠢᠯᠡᠳᠲᠡ ᠥᠨᠳᠥᠷ ᠪᠠᠶᠢᠨ᠎ᠠ᠃ | ᠥᠭᠡᠬᠦ ᠳᠣᠲᠣᠷᠠᠬᠢ ᠳᠤᠲᠠᠭᠤ ᠲᠣᠰᠤᠨ ᠬᠦᠴᠢᠯ ᠤᠨ ᠠᠭᠤᠯᠤᠭᠳᠠᠴᠠ ᠬᠠᠨᠤᠮᠠᠯ ᠪᠤᠰᠤ ᠥᠭᠡᠬᠦᠨ ᠬᠦᠴᠢᠯ ᠤᠨ | ᠶᠡᠷᠦᠩᠬᠡᠶ ᠬᠡᠮᠵᠢᠶᠡᠨ ᠤ 38.5% — 45.3% ᠶᠢ ᠡᠵᠡᠯᠡᠨ᠎ᠡ᠃ ᠯᠣᠬᠠᠱᠧᠩ ᠤᠨ ᠲᠣᠰᠣᠨ ᠤ ᠪᠠᠷᠤᠭ 2 | ᠳᠠᠬᠢᠨ ᠪᠣᠯᠤᠨ᠎ᠠ᠃ ᠡᠳᠡᠭᠡᠷ ᠣᠨᠴᠠ ᠴᠢᠨᠠᠷ ᠨᠢ ᠦᠴᠤᠸᠠᠨ ᠤ ᠨᠣᠬᠠᠶ ᠶᠢᠨ ᠬᠤᠰᠢᠭᠤ ᠶᠢ ᠦᠨᠦᠷ ᠠᠮᠲᠠ | ᠪᠤᠯᠭᠠᠭᠰᠠᠨ ᠪᠠᠶᠢᠨ᠎ᠠ᠃ ᠡᠭᠦᠨ ᠠᠴᠠ ᠭᠠᠳᠠᠨᠠᠨᠣᠬᠠᠶ ᠶᠢᠨ ᠬᠤᠰᠢᠭᠤ ᠶᠢᠨ ᠳᠣᠲᠣᠷᠠᠬᠢ ᠳᠤᠲᠠᠭᠤ ᠲᠣᠰᠤᠨ ᠬᠦᠴᠢᠯ | ᠪᠠ ᠥᠭᠡᠬᠦᠨ ᠬᠦᠴᠢᠯ ᠨᠢ ᠯᠤᠭᠰᠢᠭᠤᠨ ᠰᠤᠳᠠᠯ ᠤᠨ ᠥᠭᠡᠬᠦᠯᠢᠭ ᠬᠠᠲᠠᠭᠤᠷᠠᠯ ᠠᠴᠠ ᠪᠣᠯᠤᠭᠰᠠᠨ ᠡᠯ᠎ᠡ ᠵᠦᠢᠯ ᠤᠨ | ᠡᠪᠡᠳᠴᠢᠨ ᠡᠮᠭᠡᠭ ᠢ ᠵᠣᠬᠢᠬᠤ ᠬᠡᠮᠵᠢᠶ᠎ᠡ ᠪᠠᠷ ᠰᠡᠷᠭᠡᠶᠢᠯᠡᠨ ᠵᠠᠰᠠᠬᠤ ᠦᠢᠯᠡᠳᠦᠯ ᠲᠠᠢ ᠶᠤᠮ᠃ ᠨᠣᠬᠠᠶ ᠶᠢᠨ ᠬᠤᠰᠢᠭᠤ | ᠦᠷᠭᠦᠯᠵᠢ ᠢᠳᠡᠪᠡᠯ ᠴᠢᠰᠤᠨ ᠥᠭᠡᠬᠦ ᠶᠢ ᠪᠠᠭᠤᠷᠠᠭᠤᠯᠬᠤ᠂ ᠯᠤᠭᠰᠢᠭᠤᠨ ᠰᠤᠳᠠᠯ ᠤᠨ ᠬᠠᠲᠠᠭᠤᠷᠠᠯ ᠢ ᠰᠡᠷᠭᠡᠶᠢᠯᠡᠨ | ᠵᠠᠰᠠᠬᠤ ᠪᠠ ᠵᠢᠷᠦᠬᠡᠨ ᠡᠪᠡᠳᠴᠢᠨ ᠢ ᠰᠡᠷᠭᠡᠶᠢᠯᠡᠬᠦ ᠳᠤ ᠰᠠᠶᠢᠨ ᠦᠢᠯᠡᠳᠦᠯ ᠲᠠᠢ ᠶᠤᠮ᠃ ᠡᠭᠦᠨ ᠠᠴᠠ ᠪᠤᠯᠵᠦ᠂ | ᠦᠴᠤᠸᠠᠨ ᠤ ᠨᠣᠬᠠᠶ ᠶᠢᠨ ᠬᠤᠰᠢᠭᠤ ᠶᠢᠨ ᠨᠡᠷ᠎ᠡ ᠠᠯᠳᠠᠷᠰᠢᠵᠠᠶ᠃ | http://mongol.people.com.cn/15827180.html |