ᠪᠦᠬᠦ ᠬᠤᠲᠠ ᠶᠢᠨ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠬᠤᠢ ᠲᠠᠯᠠᠪᠠᠢ ᠶᠢᠨ ᠬᠤᠷᠠᠯ ᠵᠢᠴᠢ ᠨᠠᠮᠤᠷ ᠡᠪᠦᠯ ᠤᠨ ᠤᠯᠠᠷᠢᠯ ᠤᠨ ᠭᠠᠵᠠᠷ ᠰᠢᠷᠣᠶ ᠶᠢ  ᠳᠡᠭᠰᠢᠯᠡᠬᠦ ︽ᠬᠠᠮᠲᠤᠷᠠᠭᠰᠠᠨ ᠶᠡᠭᠡ ᠲᠠᠶᠢᠯᠠᠯᠳᠤᠭᠠᠨ︾ ᠡᠬᠢᠯᠡᠪᠡ
ᠨᠡᠶᠢᠲᠡᠯᠡᠭᠰᠡᠨ ᠴᠠᠭ᠄
2020/10/21
        ᠬᠥᠬᠡᠬᠤᠲᠠ ᠶᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠬᠤᠢ ᠲᠠᠯᠠᠪᠠᠢ ᠶᠢᠨ ᠬᠤᠷᠠᠯ ᠵᠢᠴᠢ ᠨᠠᠮᠤᠷ ᠡᠪᠦᠯ ᠤᠨ ᠤᠯᠠᠷᠢᠯ ᠤᠨ ᠭᠠᠵᠠᠷ ᠰᠢᠷᠣᠢ ᠶᠢ  ᠳᠡᠭᠰᠢᠯᠡᠬᠦ ︽ᠬᠠᠮᠲᠤᠷᠠᠭᠰᠠᠨ ᠶᠡᠭᠡ ᠳᠠᠶᠢᠯᠠᠯᠳᠤᠭᠠᠨ︾ ᠤ ᠡᠬᠢᠯᠡᠯᠲᠡ ᠶᠢᠨ ᠶᠣᠰᠣᠯᠠᠯ 10 ᠰᠠᠷ᠎ᠠ ᠶᠢᠨ 18 ᠤ ᠡᠳᠦᠷ ᠬᠤᠷᠢᠨᠬᠡᠷ ᠰᠢᠶᠠᠨ ᠳᠤ ᠶᠠᠪᠣᠭᠳᠠᠪᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠬᠤᠤ ᠶᠢᠩ ᠠᠵᠢᠯᠯᠠᠭ᠎ᠠ ᠳᠤ ᠣᠷᠣᠯᠴᠠᠭᠰᠠᠨ ᠪᠦᠬᠡᠳ ᠲᠤᠰ ᠡᠳᠦᠷ᠂ ᠬᠤᠷᠠᠯ ᠳᠤ ᠣᠷᠣᠯᠴᠠᠭᠰᠠᠳ ᠬᠤᠷᠢᠨᠬᠡᠷ ᠰᠢᠶᠠᠨ ᠳᠤ ᠬᠦᠬᠡᠬᠤᠲᠡ ᠶᠢᠨ ᠨᠠᠮᠤᠷ ᠡᠪᠦᠯ ᠤᠨ ᠤᠯᠠᠷᠢᠯ ᠤᠨ ᠭᠠᠵᠠᠷ ᠰᠢᠷᠣᠢ ᠶᠢ ᠳᠡᠭᠰᠢᠯᠡᠬᠦ ︽ᠬᠠᠮᠲᠤᠷᠠᠭᠰᠠᠨ ᠶᠡᠭᠡ ᠲᠠᠶᠢᠯᠠᠯᠳᠤᠭᠠᠨ︾ ᠢ ᠡᠬᠢᠯᠡᠭᠦᠯᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠳ᠋ᠦᠩᠨᠡᠯᠲᠡ ᠶᠢᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠵᠢᠴᠢ ᠭᠠᠵᠠᠷ ᠰᠢᠷᠣᠶ ᠶᠢ ᠳᠡᠭᠰᠢᠯᠡᠬᠦ ᠠᠵᠢᠯ ᠢ ᠰᠠᠶᠢᠲᠤᠷ ᠬᠢᠬᠦ ᠶᠢᠨ ᠬᠠᠲᠠᠭᠤ ᠪᠡᠷᠬᠡ  ᠴᠢᠨᠠᠷ ᠢ ᠬᠦᠢᠴᠡᠳ ᠲᠠᠨᠢᠬᠤ ᠬᠡᠷᠡᠭᠲᠡᠶ᠃ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠡᠯ᠎ᠡ ᠵᠣᠶᠢᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃ ︽ᠠᠵᠤ ᠠᠬᠤᠶᠢᠯᠠᠯ ᠢ ᠣᠷᠣᠭᠤᠯᠵᠤ ᠢᠷᠡᠬᠦ ︾᠂ ︽ᠮᠡᠷᠭᠡᠵᠢᠯ ᠤᠨ ᠰᠢᠨ᠎ᠡ ᠶᠢ ᠡᠭᠦᠳᠬᠦ︾᠂ ︽ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ︾᠂ ︽ᠶᠡᠷᠦᠩᠬᠡᠶᠢᠯᠡᠨ ᠵᠠᠰᠠᠬᠤ︾ ᠠᠵᠢᠯ ᠢ  ᠠᠳᠬᠤᠵᠣ᠂ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠦᠨᠡᠨᠬᠦ ᠲᠡᠭᠡᠭᠰᠢᠯᠡᠬᠦᠯᠬᠦ ᠬᠡᠷᠡᠭᠲᠠᠢ᠃ ᠰᠦᠯᠢᠶᠣᠣ ᠪᠦᠷᠬᠦᠪᠴᠢ ᠶᠢᠨ ᠪᠦᠷᠬᠦᠯᠲᠡ ᠶᠢ ᠪᠠᠭᠠᠰᠬᠠᠬᠤ᠂ ᠰᠦᠯᠢᠶᠣᠣ ᠪᠦᠷᠬᠦᠪᠴᠢ ᠶᠢᠨ ᠪᠦᠲᠦᠭᠡᠭᠳᠡᠬᠦᠨ ᠢ ᠪᠠᠷᠢᠮᠵᠢᠶᠠᠵᠢᠭᠤᠯᠬᠤ᠂ ᠰᠦᠯᠢᠶᠣᠣ ᠪᠦᠷᠬᠦᠪᠴᠢ ᠶᠢ ᠴᠤᠭᠯᠠᠭᠤᠯᠬᠤ᠂ ᠮᠧᠬᠠᠨᠢᠭᠵᠢᠭᠤᠯᠬᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ᠂ ᠲᠤᠰᠬᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠳᠤ  ᠣᠬᠠᠮᠰᠠᠷ ᠠᠴᠠ ᠨᠢ ᠣᠷᠣᠯᠴᠠᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠬᠢᠷᠢ ᠬᠡᠮᠵᠢᠶ᠎ᠡ ᠶᠢ ᠪᠦᠲᠦᠮᠵᠢᠲᠡᠶ ᠪᠠᠷ ᠲᠡᠭᠡᠭᠰᠢᠯᠡᠬᠦᠯᠬᠦ ᠬᠡᠷᠡᠭᠲᠠᠢ᠃ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠠᠬᠢᠴᠠ ᠶᠢ ᠲᠦᠷᠭᠡᠳᠬᠡᠵᠦ᠂ ᠪᠠᠷᠢᠮᠵᠢᠶ᠎ᠠ ᠶᠢ ᠵᠢᠷᠤᠮᠵᠢᠭᠤᠯᠵᠤ᠂ ᠭᠠᠵᠠᠷ ᠰᠢᠷᠣᠶ ᠶᠢ ᠳᠡᠭᠰᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠪᠡ  ᠃    ᠵᠠᠩ  ᠪᠠᠢ ᠴᠧᠩ᠄ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠠᠵᠢᠯ ᠢ ᠰᠠᠶᠢᠲᠤᠷ ᠬᠢᠵᠦ᠂ ᠬᠤᠰᠢᠭᠤ ᠰᠢᠶᠠᠨ ᠲᠣᠭᠤᠷᠢᠭ ᠬᠡᠷᠡᠭᠵᠢᠭᠦᠯᠬᠦ ᠭᠤᠤᠯ ᠴᠣᠭᠴᠠ ᠪᠣᠯᠤᠭᠰᠠᠨ ᠤ ᠬᠤᠪᠢ ᠳᠤ ᠬᠠᠷᠢᠶ᠎ᠠ ᠭᠠᠵᠠᠷ ᠤᠨ  ᠬᠠᠷᠢᠭᠤᠴᠠᠯᠭ᠎ᠠ  ᠶᠢ ᠰᠠᠶᠢᠲᠤᠷ ᠨᠠᠶᠢᠳᠠᠪᠤᠷᠢᠵᠢᠭᠤᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠨ ᠠᠳᠬᠤᠬᠤ ᠦᠢᠯᠡᠳᠤᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠴᠢᠳᠠᠪᠬᠢ ᠶᠢᠨ ᠦᠢᠯᠡᠳᠤᠯ ᠢᠶᠠᠨ ᠰᠠᠶᠢᠲᠤᠷ ᠪᠠᠳᠠᠷᠠᠭᠤᠯᠵᠤ᠂ ᠨᠢᠭᠲᠠ  ᠬᠠᠮᠵᠢᠯᠴᠠᠵᠤ᠂ ᠡᠯ᠎ᠡ ᠵᠥᠢᠯ ᠤᠨ ᠠᠵᠢᠯ ᠵᠢᠱᠢᠭᠰᠡᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧ ᠬᠠᠶ ᠳ᠋ᠦᠩ ᠬᠤᠷᠢᠨᠬᠡᠷ ᠰᠢᠶᠠᠨ ᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠥᠷᠨᠢᠭᠦᠯᠦᠭᠰᠡᠨ ᠪᠠᠶᠢᠳᠠᠯ ᠢ ᠦᠨᠡᠯᠡᠪᠡ᠃     ︵ᠰᠤᠷᠪᠤᠯᠵᠢᠯᠠᠭᠴᠢ ᠹᠧᠩ ᠶᠠᠨ ᠫᠢᠩ︶http://mongol.people.com.cn/15827067.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ