︵ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠶᠠᠩ ᠯᠢ ᠹᠠᠩ︶ ᠰᠤᠷᠪᠤᠯᠵᠢᠯᠠᠭᠴᠢ ᠣᠶᠢᠷ᠎ᠠ ᠳᠤ ᠪᠡᠭᠡᠵᠢᠩ ᠳᠤ ᠬᠤᠷᠠᠯᠳᠤᠭᠤᠯᠤᠭᠰᠠᠨ ᠦᠴᠤᠸᠠᠨ | ᠰᠢᠶᠠᠨ ᠢ ︽ᠨᠣᠬᠠᠶ ᠶᠢᠨ ᠬᠤᠰᠢᠭᠤᠳᠤ ᠨᠤᠲᠤᠭ︾ ᠢᠶᠠᠷ ᠮᠡᠳᠡᠭᠦᠯᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠲᠣᠭᠲᠠᠭᠠᠬᠤ ᠬᠤᠷᠠᠯ ᠠᠴᠠ | ᠣᠶᠢᠯᠠᠭᠠᠭᠰᠠᠨ ᠢᠶᠠᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠦᠨᠡᠯᠡᠨ ᠶᠠᠷᠢᠯᠴᠠᠬᠤ ᠪᠠᠷ ᠳᠠᠮᠵᠢᠨ᠂ ᠳᠤᠮᠳᠠᠳᠤ ᠤᠯᠤᠰ ᠤᠨ ᠠᠮᠤ ᠲᠣᠰᠣᠨ ᠤ | ᠰᠢᠨᠵᠢᠯᠡᠭᠡᠨ ᠤ ᠨᠡᠶᠢᠭᠡᠮᠯᠢᠭ ᠠᠴᠠ ᠦᠴᠤᠸᠠᠨ ᠰᠢᠶᠠᠨ ᠢ ︽ᠨᠣᠬᠠᠶ ᠶᠢᠨ ᠬᠤᠰᠢᠭᠤᠳᠤ ᠨᠤᠲᠤᠭ︾ ᠭᠡᠵᠦ ᠨᠡᠷᠡᠶᠢᠳᠬᠦ ᠶᠢ ᠰᠠᠨᠠᠯ ᠨᠢᠭᠡᠲᠡᠶ ᠵᠥᠪᠰᠢᠶᠡᠷᠡᠵᠦ᠂ | ᠡᠳᠦᠷ ᠰᠣᠩᠭᠤᠨ ᠫᠠᠶᠢᠰᠠ ᠤᠯᠭᠤᠬᠤ ᠪᠠᠷ ᠪᠤᠯᠪᠠ ᠃ | ᠦᠴᠤᠸᠠᠨ ᠰᠢᠶᠠᠨ ᠤᠮᠠᠷᠠᠲᠤ ᠥᠷᠭᠡᠷᠢᠭ ᠤᠨ 41- 43° ᠲᠤ ᠪᠠᠶᠢᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ | ᠬᠡᠰᠡᠭ᠂ ᠮᠤᠨᠢ ᠠᠭᠤᠯᠠ ᠶᠢᠨ ᠠᠷᠤ ᠬᠤᠷᠮᠣᠶ ᠳᠤ ᠪᠠᠶᠢᠷᠢᠯᠠᠵᠤ᠂ ᠬᠦᠬᠡᠬᠤᠲᠡ ᠶᠢᠨ ᠠᠷᠤ ᠴᠡᠴᠡᠷᠯᠢᠭ ᠬᠡᠮᠡᠭᠳᠡᠪᠡ᠃ ᠤᠮᠠᠷᠠᠲᠤ ᠥᠷᠭᠡᠷᠢᠭ ᠤᠨ | 41°-43°ᠪᠣᠯ ᠮᠥᠨ ᠴᠦ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠨᠢᠴᠦᠭᠦᠨ ᠨᠣᠬᠠᠶ ᠶᠢᠨ ᠬᠤᠰᠢᠭᠤ ᠵᠢᠨᠦᠨᠢᠷ ᠤᠷᠭᠤᠯᠲᠠ ᠶᠢᠨ ᠥᠷᠭᠡᠷᠢᠭ ᠮᠥᠨ | ᠪᠠᠶᠢᠵᠦ᠂ ᠦᠴᠤᠸᠠᠨ ᠪᠣᠯ ᠳᠡᠯᠡᠬᠡᠶ ᠶᠢᠨ ᠨᠣᠬᠠᠶ ᠶᠢᠨ ᠬᠤᠰᠢᠭᠤ ᠶᠢᠨ ᠡᠭᠦᠰᠦᠯ ᠤᠨ ᠣᠷᠣᠨ ᠤ ᠨᠢᠭᠡ ᠪᠣᠯᠤᠨ᠎ᠠ᠃ | 2016 ᠣᠨ ᠳᠤ᠂ ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ︽ᠦᠴᠤᠸᠠᠨ ᠤ ᠶᠤᠸᠠᠮᠢᠶᠠᠨ ︵ᠨᠣᠬᠠᠶ ᠶᠢᠨ | ᠬᠤᠰᠢᠭᠤ ᠶᠢᠨ ᠪᠦᠲᠦᠭᠡᠭᠳᠡᠬᠦᠨ︶︾ ᠢ ᠭᠠᠵᠠᠷ ᠵᠦᠶ ᠶᠢᠨ ᠢᠮ ᠲᠡᠮᠳᠡᠭᠲᠦ ᠦᠢᠯᠡᠳᠭᠦᠨ ᠢᠶᠠᠷ ᠵᠥᠪᠰᠢᠶᠡᠷᠡᠵᠦ᠂ ᠣᠳᠣᠬᠠᠨ ᠳᠤ ᠶᠠᠭ ᠤᠯᠤᠰ ᠤᠨ ᠭᠠᠵᠠᠷ | ᠵᠦᠶ ᠶᠢᠨ ᠢᠮ ᠲᠡᠮᠳᠡᠭᠲᠦ ᠦᠢᠯᠡᠳᠭᠦᠨ ᠤ ᠬᠠᠮᠠᠭᠠᠯᠠᠯᠲᠠ ᠶᠢ ᠢᠳᠡᠪᠬᠢᠲᠡᠢ ᠮᠡᠳᠡᠭᠦᠯᠵᠦ ᠪᠠᠶᠢᠨ᠎ᠠ︔ 2019 ᠣᠨ ᠳᠤ᠂ ᠦᠴᠤᠸᠠᠨ ᠰᠢᠶᠠᠨ ᠶᠠᠳᠠᠭᠤ ᠠᠴᠠ | ᠠᠩᠭᠢᠵᠢᠷᠠᠬᠤ ᠳᠤ ᠨᠣᠬᠠᠶ ᠶᠢᠨ ᠬᠤᠰᠢᠭᠤ ᠨᠢ ᠠᠵᠤ ᠦᠢᠯᠡᠰ ᠢᠶᠠᠷ ᠴᠢᠰᠤ ᠦᠢᠯᠡᠳᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ | ᠴᠢᠬᠤᠯᠠ ᠦᠢᠯᠡᠳᠦᠯ ᠦᠵᠡᠭᠦᠯᠪᠡ︔ 2015 ᠣᠨ ᠳᠤ15 ᠲᠦᠮᠡᠨ ᠮᠦ ᠬᠦᠷᠬᠦ ᠦᠭᠡᠢ ᠪᠠᠶᠢᠭᠰᠠᠨ ᠠᠴᠠ ᠪᠠᠨ 2020 ᠣᠨ ᠪᠣᠯᠬᠤ ᠳᠤ 30 ᠭᠠᠷᠤᠢ | ᠲᠦᠮᠡᠨ ᠮᠥ ᠪᠤᠯᠵᠦ᠂ ᠨᠣᠬᠠᠶ ᠶᠢᠨ ᠬᠤᠰᠢᠭᠤ ᠦᠴᠤᠸᠠᠨ ᠤ ᠡᠬᠡ ᠭᠠᠵᠠᠷ ᠲᠤ ᠪᠦᠷᠬᠦᠵᠦ᠂ ᠨᠣᠬᠠᠶ ᠶᠢᠨ ᠬᠤᠰᠢᠭᠤ ᠶᠢᠨ ᠬᠦᠴᠦᠷᠬᠡᠭ ᠶᠡᠭᠡ ᠠᠵᠤ | ᠦᠢᠯᠡᠰ ᠤᠨ ᠬᠡᠯᠬᠢᠶ᠎ᠡ ᠶᠢ ᠴᠤᠭᠴᠠᠯᠠᠵᠦ᠂ ᠨᠣᠬᠠᠶ ᠶᠢᠨ ᠬᠤᠰᠢᠭᠤ ᠶᠢᠨ ᠦᠩᠭᠡ ᠢᠯᠭᠠᠷᠠᠭᠰᠠᠨ ᠪᠦᠲᠦᠭᠡᠭᠳᠡᠬᠦᠨ ᠪᠠ ᠰᠣᠶᠣᠯ ᠢ ᠪᠦᠲᠦᠭᠡᠵᠦ ᠪᠠᠢᠨ᠎ᠠ᠃ | ᠪᠠᠶᠢᠭᠠᠯᠢ ᠶᠢᠨ ᠲᠡᠵᠢᠭᠡᠯᠲᠦ ᠭᠠᠵᠠᠷ ᠲᠤ ᠤᠷᠭᠤᠭᠤᠯᠤᠭᠰᠠᠨ ᠦᠴᠤᠸᠠᠨ ᠤ ᠨᠣᠬᠠᠶ ᠶᠢᠨ ᠬᠤᠰᠢᠭᠤ ᠶᠢᠨ ᠤᠭᠤᠷᠠᠭ ᠪᠠ ᠺᠠᠯᠼ᠂ ᠹᠣᠰᠹᠣᠷ᠂ ᠲᠡᠮᠦᠷ᠂ | ᠪᠥᠭᠡᠮ ᠤᠨ ᠰᠢᠷ᠎ᠠ ᠡᠳ᠋ ᠵᠡᠷᠭᠡ ᠰᠢᠮ᠎ᠡ ᠲᠡᠵᠢᠭᠡᠯᠲᠦ ᠪᠣᠳᠠᠰ ᠤᠨ ᠠᠭᠤᠯᠤᠭᠳᠠᠴᠠ ᠨᠢ ᠴᠥᠮ ᠪᠤᠰᠤᠳ ᠲᠠᠷᠢᠮᠠᠯ ᠠᠴᠠ ᠥᠨᠳᠥᠷ ᠪᠠᠶᠢᠳᠠᠭ᠃ ᠲᠡᠷᠡᠴᠢᠯᠡᠨ | ᠰᠢᠪᠲᠦᠷᠲᠦ ᠬᠦᠴᠢᠯ ᠤᠨ ᠬᠠᠷᠢᠴᠠᠯ ᠨᠢ ᠲᠡᠩᠴᠡᠭᠦᠷᠢᠲᠡᠶ ᠪᠠᠶᠢᠳᠠᠭ᠃ ᠣᠨᠴᠠᠭᠠᠶᠢᠯᠠᠨ ᠯᠢᠰᠢᠨ ᠬᠦᠴᠢᠯ ᠤᠨ ᠠᠭᠤᠯᠤᠭᠳᠠᠴᠠ ᠥᠨᠳᠥᠷ᠂ ᠪᠦᠬᠦ ᠤᠭᠤᠷᠠᠭ ᠤᠨ | 37% ᠳᠤ ᠬᠦᠷᠴᠤ᠂ ᠪᠤᠭᠤᠳᠠᠢ᠂ ᠡᠷᠳᠡᠨᠢ ᠰᠢᠰᠢ ᠵᠡᠷᠭᠡ ᠠᠴᠠ ᠢᠯᠡᠳᠲᠡ ᠥᠨᠳᠥᠷ ᠪᠠᠶᠢᠨ᠎ᠠ᠃ ᠥᠭᠡᠬᠦ ᠳᠣᠲᠣᠷᠠᠬᠢ ᠳᠤᠲᠠᠭᠤ ᠲᠣᠰᠤᠨ ᠬᠦᠴᠢᠯ ᠤᠨ | ᠠᠭᠤᠯᠤᠭᠳᠠᠴᠠ ᠬᠠᠨᠤᠮᠠᠯ ᠪᠤᠰᠤ ᠥᠭᠡᠬᠦᠨ ᠬᠦᠴᠢᠯ ᠤᠨ ᠶᠡᠷᠦᠩᠬᠡᠶ ᠬᠡᠮᠵᠢᠶᠡᠨ ᠤ 38.5% — 45.3% ᠶᠢ ᠡᠵᠡᠯᠡᠨ᠎ᠡ᠃ ᠯᠣᠬᠠᠱᠧᠩ ᠤᠨ ᠲᠣᠰᠣᠨ ᠤ | ᠪᠠᠷᠤᠭ 2 ᠳᠠᠬᠢᠨ ᠪᠣᠯᠤᠨ᠎ᠠ᠃ ᠡᠳᠡᠭᠡᠷ ᠣᠨᠴᠠ ᠴᠢᠨᠠᠷ ᠨᠢ ᠦᠴᠤᠸᠠᠨ ᠤ ᠨᠣᠬᠠᠶ ᠶᠢᠨ ᠬᠤᠰᠢᠭᠤ ᠶᠢ ᠦᠨᠦᠷ ᠠᠮᠲᠠ ᠪᠤᠯᠭᠠᠭᠰᠠᠨ ᠪᠠᠶᠢᠨ᠎ᠠ᠃ ᠡᠭᠦᠨ ᠠᠴᠠ | ᠭᠠᠳᠠᠨᠠᠨᠣᠬᠠᠶ ᠶᠢᠨ ᠬᠤᠰᠢᠭᠤ ᠶᠢᠨ ᠳᠣᠲᠣᠷᠠᠬᠢ ᠳᠤᠲᠠᠭᠤ ᠲᠣᠰᠤᠨ ᠬᠦᠴᠢᠯ ᠪᠠ ᠥᠭᠡᠬᠦᠨ ᠬᠦᠴᠢᠯ ᠨᠢ ᠯᠤᠭᠰᠢᠭᠤᠨ ᠰᠤᠳᠠᠯ ᠤᠨ ᠥᠭᠡᠬᠦᠯᠢᠭ | ᠬᠠᠲᠠᠭᠤᠷᠠᠯ ᠠᠴᠠ ᠪᠣᠯᠤᠭᠰᠠᠨ ᠡᠯ᠎ᠡ ᠵᠦᠢᠯ ᠤᠨ ᠡᠪᠡᠳᠴᠢᠨ ᠡᠮᠭᠡᠭ ᠢ ᠵᠣᠬᠢᠬᠤ ᠬᠡᠮᠵᠢᠶ᠎ᠡ ᠪᠠᠷ ᠰᠡᠷᠭᠡᠶᠢᠯᠡᠨ ᠵᠠᠰᠠᠬᠤ ᠦᠢᠯᠡᠳᠦᠯ ᠲᠠᠢ ᠶᠤᠮ᠃ ᠨᠣᠬᠠᠶ ᠶᠢᠨ | ᠬᠤᠰᠢᠭᠤ ᠦᠷᠭᠦᠯᠵᠢ ᠢᠳᠡᠪᠡᠯ ᠴᠢᠰᠤᠨ ᠥᠭᠡᠬᠦ ᠶᠢ ᠪᠠᠭᠤᠷᠠᠭᠤᠯᠬᠤ᠂ ᠯᠤᠭᠰᠢᠭᠤᠨ ᠰᠤᠳᠠᠯ ᠤᠨ ᠬᠠᠲᠠᠭᠤᠷᠠᠯ ᠢ ᠰᠡᠷᠭᠡᠶᠢᠯᠡᠨ ᠵᠠᠰᠠᠬᠤ ᠪᠠ ᠵᠢᠷᠦᠬᠡᠨ | ᠡᠪᠡᠳᠴᠢᠨ ᠢ ᠰᠡᠷᠭᠡᠶᠢᠯᠡᠬᠦ ᠳᠤ ᠰᠠᠶᠢᠨ ᠦᠢᠯᠡᠳᠦᠯ ᠲᠠᠢ ᠶᠤᠮ᠃ ᠡᠭᠦᠨ ᠠᠴᠠ ᠪᠤᠯᠵᠦ᠂ ᠦᠴᠤᠸᠠᠨ ᠤ ᠨᠣᠬᠠᠶ ᠶᠢᠨ ᠬᠤᠰᠢᠭᠤ ᠶᠢᠨ ᠨᠡᠷ᠎ᠡ ᠠᠯᠳᠠᠷᠰᠢᠵᠠᠶ᠃ | http://mongol.people.com.cn/15827180.html |